ᠰᠢᠨᠠᠵᠠᠮ ᠰᠤᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠪᠠ
ᠨᠡᠶᠢᠲᠡᠯᠡᠭᠰᠡᠨ ᠴᠠᠭ᠄
2024/7/31
   ᠣᠶᠢᠷ᠎ᠠ ᠶᠢᠨ ᠡᠳᠦᠷ ᠤᠳ ᠲᠤ᠂ ᠰᠢᠨᠠᠵᠠᠮ ᠰᠤᠮᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠯᠠᠪᠳᠠᠭᠤᠨ ᠢᠶᠠᠷ ᠠᠬᠢᠭᠤᠯᠵᠤ᠂ ᠮᠠᠰᠢᠨ ᠴᠠᠬᠢᠯᠭᠠᠨ ᠬᠤᠳᠳᠤᠭ ᠤᠨ ᠠᠮᠤᠷ ᠲᠦᠪᠰᠢᠨ ᠥᠨᠳᠥᠷ ᠪᠦᠲᠦᠮᠵᠢᠲᠡᠢ ᠪᠠᠷ ᠮᠠᠯᠴᠢᠨ ᠲᠠᠷᠢᠶᠠᠴᠢᠨ ᠲᠦᠮᠡᠨ ᠤ ᠤᠰᠤᠯᠠᠯᠲᠠ ᠳᠤ ᠦᠢᠯᠡᠴᠢᠯᠡᠬᠦ ᠶᠢ ᠪᠠᠲᠤᠯᠠᠵᠤ᠂ ᠲᠠᠷᠢᠶᠠᠯᠠᠩ ᠳᠤ ᠬᠡᠷᠡᠭᠯᠡᠬᠦ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠨᠡᠨ ᠬᠦ ᠪᠣᠳᠠᠲᠠᠢ ᠪᠥᠭᠡᠳ ᠨᠠᠷᠢᠯᠢᠭ ᠠᠳᠬᠤᠪᠠ᠃    ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠤᠬᠠᠢ ᠶᠢᠨ ᠲᠠᠯᠠᠪᠠᠢ ᠳᠤ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠡᠮᠦᠨ᠎ᠡ ᠨᠢ ᠵᠢᠯᠣᠭᠤᠳᠴᠤ᠂ ᠭᠠᠴᠠᠭᠠᠨ ᠤ ︽ᠬᠤᠶᠠᠷ ᠵᠥᠪᠯᠡᠯ︾᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ᠂ ᠰᠤᠮᠤ ᠶᠢᠨ ᠠᠵᠢᠯᠯᠠᠬᠤ ᠳᠤᠭᠤᠶᠢᠯᠠᠩ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠪᠠᠨ ᠳᠣᠲᠣᠷᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠢ ᠵᠢᠭᠰᠠᠭᠠᠨ ᠪᠠᠶᠢᠴᠠᠭᠠᠵᠤ᠂ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠭᠰᠠᠨ ᠰᠠᠭᠤᠷᠢᠨ ᠳᠡᠭᠡᠷ᠎ᠡ᠂ ᠵᠢᠭᠰᠠᠭᠠᠨ ᠪᠠᠶᠢᠴᠠᠭᠠᠭᠰᠠᠨ ᠡᠬᠡ ᠳᠠᠩᠰᠠ ᠶᠢ ᠦᠨᠳᠦᠰᠦᠯᠡᠨ᠂ ᠠᠰᠠᠭᠤᠳᠠᠯ ᠲᠠᠢ ᠮᠠᠰᠢᠨ ᠴᠠᠬᠢᠯᠭᠠᠨ ᠬᠤᠳᠳᠤᠭ ᠢ ᠲᠥᠷᠥᠯ ᠬᠤᠪᠢᠶᠠᠨ ᠡᠮᠬᠢᠯᠡᠵᠦ᠂ ᠪᠠᠷᠢᠯᠭ᠎ᠠ ᠶᠢᠨ ᠠᠩᠭᠢ ᠲᠠᠢ ᠢᠳᠡᠪᠬᠢᠲᠡᠢ ᠪᠠᠷ ᠵᠣᠯᠭᠠᠭᠤᠯᠵᠤ᠂ ᠡᠪᠳᠡᠭᠳᠡᠭᠰᠡᠨ ᠮᠠᠰᠢᠨ ᠴᠠᠬᠢᠯᠭᠠᠨ᠂ ᠵᠠᠮ ᠱᠤᠭᠤᠮ᠂ ᠤᠰᠤᠨ ᠬᠤᠭᠤᠯᠠᠢ ᠶᠢ ᠰᠡᠯᠪᠢᠨ ᠵᠠᠰᠠᠵᠤ᠂ ᠬᠠᠶᠠᠭᠳᠠᠮᠠᠯ ᠮᠠᠰᠢᠨ ᠴᠠᠬᠢᠯᠭᠠᠨ ᠬᠤᠳᠳᠤᠭ ᠢ ᠵᠢᠷᠤᠮᠵᠢᠭᠤᠯᠤᠨ ᠰᠢᠢᠳᠪᠦᠷᠢᠯᠡᠵᠦ᠂ ᠲᠥᠷᠥᠯ ᠬᠤᠪᠢᠶᠠᠨ ᠴᠡᠭᠴᠡᠯᠡᠨ ᠵᠠᠰᠠᠬᠤ ᠪᠠᠷ ᠳᠠᠮᠵᠢᠨ᠂ ᠠᠮᠤᠷ ᠲᠦᠪᠰᠢᠨ ᠤ ᠳᠠᠯᠳᠠ ᠭᠡᠮ ᠢ ᠲᠦᠢᠯᠪᠤᠷᠢᠲᠠᠢ ᠠᠷᠢᠯᠭᠠᠵᠤ᠂ ᠮᠠᠰᠢᠨ ᠴᠠᠬᠢᠯᠭᠠᠨ ᠬᠤᠳᠳᠤᠭ ᠤᠨ ᠬᠡᠪ ᠤᠨ ᠶᠣᠰᠣᠭᠠᠷ ᠬᠡᠷᠡᠭᠯᠡᠬᠦ ᠶᠢ ᠦᠨᠡᠨᠬᠦ ᠪᠠᠲᠤᠯᠠᠪᠠ᠃    ᠳᠠᠷᠠᠭᠠᠴᠢ ᠶᠢᠨ ᠠᠯᠬᠤᠮ ᠳᠤ᠂ ᠮᠠᠨ ᠤ ᠰᠤᠮᠤ ᠦᠷᠭᠦᠯᠵᠢᠯᠡᠨ ᠬᠠᠷᠢᠭᠤᠴᠠᠯᠭ᠎ᠠ ᠪᠠᠨ ᠪᠠᠲᠤ ᠡᠭᠦᠷᠭᠡᠯᠡᠵᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠪᠠᠷ ᠬᠦᠴᠦᠯᠡᠵᠦ᠂ ᠤᠷᠲᠤ ᠬᠤᠭᠤᠴᠠᠭᠠᠨ ᠤ ᠪᠦᠲᠦᠮᠵᠢᠲᠡᠢ ᠬᠠᠮᠢᠶᠠᠷᠤᠨ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠲᠣᠭᠤᠷᠢᠨ ᠪᠠᠶᠢᠴᠠᠭᠠᠵᠤ ᠬᠢᠨᠠᠨ ᠬᠠᠮᠢᠶᠠᠷᠬᠤ ᠡᠷᠴᠢᠮ ᠢᠶᠠᠨ ᠴᠢᠩᠭᠠᠷᠠᠭᠤᠯᠵᠤ᠂ ᠲᠠᠷᠢᠶᠠᠨ ᠭᠠᠵᠠᠷ ᠤᠨ ᠮᠠᠰᠢᠨ ᠴᠠᠬᠢᠯᠭᠠᠨ ᠬᠤᠳᠳᠤᠭ ᠤᠨ ᠠᠮᠤᠷ ᠲᠦᠪᠰᠢᠨ ᠤ ︽ᠬᠠᠮᠠᠭᠠᠯᠠᠯᠲᠠ ᠶᠢᠨ ᠲᠣᠣᠷ︾ ᠢ ᠪᠠᠲᠤ ᠴᠣᠭᠴᠠᠯᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号