ᠡᠷᠦᠬᠡ ᠳᠤ ᠣᠷᠣᠵᠤ ᠵᠡᠮᠳᠡᠭᠴᠦᠳ ᠢ ᠦᠨᠡᠯᠡᠨ ᠠᠷᠠᠳ ᠤᠨ ᠰᠡᠳᠬᠢᠯ ᠢ ᠳᠤᠯᠠᠭᠠᠴᠠᠭᠤᠯᠵᠤ ᠠᠷᠠᠳ ᠲᠤ ᠳᠥᠭᠦᠮ ᠦᠵᠡᠭᠦᠯᠬᠦ ᠦᠢᠯᠡᠴᠢᠯᠡᠭᠡ ᠴᠤ ᠵᠠᠢ ᠦᠭᠡᠢ ᠪᠣᠯᠪᠠ
ᠨᠡᠶᠢᠲᠡᠯᠡᠭᠰᠡᠨ ᠴᠠᠭ᠄
2024/7/31
    ᠵᠡᠮᠳᠡᠭᠴᠦᠳ ᠲᠤ ᠦᠢᠯᠡᠴᠢᠯᠡᠬᠦ ᠠᠵᠢᠯ ᠤᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠷᠠᠳ ᠲᠤ ᠳᠥᠭᠦᠮ ᠦᠵᠡᠭᠦᠯᠬᠦ᠂ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢᠨ ᠲᠥᠯᠥᠭᠡ᠂ 7 ᠰᠠᠷ᠎ᠠ ᠶᠢᠨ 30 ᠤ ᠡᠳᠦᠷ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠶᠢᠨ ᠬᠢᠨ ᠬᠤᠶᠠᠷ ᠰᠤᠮᠤ ᠪᠠᠯᠭᠠᠰᠤᠨ ᠳᠤ ᠬᠦᠷᠴᠦ ᠵᠡᠮᠳᠡᠭᠴᠦᠳ ᠢ ᠦᠨᠡᠯᠡᠬᠦ ᠠᠵᠢᠯ ᠢ ᠯᠠᠪᠳᠠᠭᠤᠨ ᠪᠠᠲᠤᠲᠠᠢ ᠥᠷᠨᠢᠭᠦᠯᠪᠡ᠃    ᠡᠷᠦᠬᠡ ᠳᠤ ᠣᠷᠣᠵᠤ ᠰᠢᠯᠭᠠᠨ ᠲᠣᠭᠲᠠᠭᠠᠬᠤ ᠳᠤᠮᠳᠠ᠂ ᠠᠵᠢᠯᠲᠠᠳ ᠭᠤᠶᠤᠴᠢᠯᠠᠭᠴᠢ ᠶᠢᠨ ᠡᠪᠡᠳᠴᠢᠨ ᠤ ᠥᠩᠭᠡᠷᠡᠯᠲᠡ᠂ ᠵᠡᠮᠳᠡᠭ ᠪᠣᠯᠤᠭᠰᠠᠨ ᠰᠢᠯᠲᠠᠭᠠᠨ ᠢ ᠨᠠᠷᠢᠨ ᠠᠰᠠᠭᠤᠨ ᠯᠠᠪᠯᠠᠬᠤ᠂ ᠡᠮᠨᠡᠯᠭᠡ ᠶᠢᠨ ᠬᠤᠷᠢᠶᠠᠨ ᠤ ᠡᠪᠡᠳᠴᠢᠨ ᠤ ᠲᠡᠮᠳᠡᠭᠯᠡᠯ ᠤᠨ ᠮᠠᠲ᠋ᠧᠷᠢᠶᠠᠯ ᠢ ᠪᠠᠶᠢᠴᠠᠭᠠᠨ ᠦᠵᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠵᠡᠮᠳᠡᠭᠴᠦᠳ ᠤᠨ ᠵᠡᠷᠭᠡ ᠳᠡᠰ ᠢ ᠦᠨᠡᠯᠡᠨ ᠲᠣᠭᠲᠠᠭᠠᠬᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠡᠮᠳᠡᠭᠴᠦᠳ ᠢ ᠦᠨᠡᠯᠡᠨ ᠲᠣᠭᠲᠠᠭᠠᠬᠤ ᠨᠥᠬᠦᠴᠡᠯ ᠳᠤ ᠨᠡᠶᠢᠴᠡᠬᠦ ᠵᠡᠮᠳᠡᠭᠴᠦᠳ ᠲᠤ ᠬᠢᠨᠠᠨ ᠲᠣᠭᠲᠠᠭᠠᠯᠲᠠ ᠬᠢᠬᠦ ᠶᠢᠨ ᠬᠠᠮᠲᠤ ᠦᠨᠡᠯᠡᠭᠳᠡᠭᠴᠢ ᠵᠢᠴᠢ ᠭᠡᠷ ᠪᠦᠯᠢ ᠶᠢᠨ ᠬᠢᠨ ᠲᠠᠢ ᠰᠠᠨᠠᠯ ᠢᠶᠠᠨ ᠭᠦᠨᠵᠡᠭᠡᠢ ᠰᠣᠯᠢᠯᠴᠠᠵᠤ᠂ ᠦᠨᠡᠯᠡᠭᠳᠡᠭᠴᠢ ᠶᠢᠨ ᠡᠳᠦᠷ ᠲᠤᠲᠤᠮ ᠤᠨ ᠠᠮᠢᠳᠤᠷᠠᠯ ᠤᠨ ᠴᠢᠳᠠᠪᠤᠷᠢ ᠪᠠ ᠬᠡᠷᠡᠭᠴᠡᠭᠡ ᠱᠠᠭᠠᠷᠳᠠᠯᠭ᠎ᠠ ᠵᠡᠷᠭᠡ ᠪᠠᠶᠢᠳᠠᠯ ᠢ ᠣᠶᠢᠯᠠᠭᠠᠪᠠ᠃ ᠲᠤᠰ ᠤᠳᠠᠭᠠᠨ ᠤ ᠠᠵᠢᠯ ᠨᠢ ᠨᠡᠶᠢᠲᠡ 17 ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠲᠤ ᠡᠷᠦᠬᠡ ᠳᠤ ᠣᠷᠣᠵᠤ ᠦᠨᠡᠯᠡᠨ ᠲᠣᠭᠲᠠᠭᠠᠬᠤ ᠦᠢᠯᠡᠴᠢᠯᠡᠭᠡ ᠬᠠᠩᠭᠠᠪᠠ᠃    ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠵᠡᠮᠳᠡᠭᠴᠦᠳ ᠤᠨ ᠲᠤᠬᠠᠢ ᠶᠢᠨ ᠲᠠᠯᠠᠪᠤᠷ ᠲᠤ ᠬᠦᠷᠴᠦ ᠦᠨᠡᠮᠯᠡᠯ ᠠᠪᠬᠤ ᠶᠢᠨ ᠠᠷᠭ᠎ᠠ ᠦᠭᠡᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠤᠨ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠶᠢ ᠵᠡᠮᠳᠡᠭᠴᠦᠳ ᠤᠨ ᠣᠯᠠᠨ ᠲᠦᠮᠡᠨ ᠤ ᠰᠡᠳᠬᠢᠯ ᠳᠤ ᠬᠦᠷᠭᠡᠵᠦ᠂ ᠣᠯᠠᠨ ᠲᠦᠮᠡᠨ ᠤ ᠰᠠᠶᠢᠨ ᠦᠨᠡᠯᠡᠯᠲᠡ ᠶᠢ ᠣᠯᠤᠭᠰᠠᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号