ᠱᠧᠨᠵᠧᠨ ᠤ ᠰᠢ ᠬᠣ᠋ ᠪᠦᠯᠦᠭᠯᠡᠯ ᠤᠨ ᠰᠢᠨᠵᠢᠯᠡᠨ ᠪᠠᠶᠢᠴᠠᠭᠠᠬᠤ ᠪᠦᠯᠬᠦᠮ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 29 ᠤ ᠡᠳᠦᠷ᠂ ᠱᠧᠨᠵᠧᠨ ᠤ ᠰᠢ ᠬᠣ᠋ ᠪᠦᠯᠦᠭᠯᠡᠯ ᠤᠨ ᠬᠡᠷᠡᠭ ᠮᠡᠳᠡᠭᠴᠢᠳ ᠤᠨ ᠲᠣᠪᠴᠢᠶᠠᠨ ᠤ ᠲᠡᠷᠢᠭᠦᠯᠡᠭᠴᠢ ᠵᠠᠩ ᠪᠢᠩ ᠴᠧᠨ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠰᠢᠨᠵᠢᠯᠡᠨ ᠪᠠᠶᠢᠴᠠᠭᠠᠵᠤ᠂ ᠬᠢᠩᠭᠠᠨ ᠠᠶᠢᠮᠠᠭ ᠤᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠭᠦᠯᠡᠭᠴᠢ᠂ ᠬᠢᠩᠭᠠᠨ ᠠᠶᠢᠮᠠᠭ ᠤᠨ ᠳ᠋ᠠ ᠸᠠᠨ ᠲᠣᠭᠤᠷᠢᠭ ᠲᠤ ᠰᠠᠭᠤᠭ᠎ᠠ ᠬᠠᠷᠢᠯᠴᠠᠬᠤ ᠭᠠᠵᠠᠷ ᠤᠨ ᠡᠷᠬᠢᠯᠡᠭᠴᠢ ᠪᠠᠢ ᠶᠦᠨ ᠬᠠᠢ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ ᠂ ᠳᠡᠳ᠋ ᠬᠤᠰᠢᠭᠤᠨ ᠳᠠᠷᠤᠭ᠎ᠠ ᠴᠧᠨ ᠴᠢᠩ ᠬᠤᠸᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    ᠰᠢᠨᠵᠢᠯᠡᠨ ᠪᠠᠶᠢᠴᠠᠭᠠᠬᠤ ᠪᠦᠯᠬᠦᠮ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠩ ᠠᠨ ᠶᠡᠭᠡ ᠰᠦᠮ᠎ᠡ ᠶᠢᠨ ᠦᠬᠡᠷ ᠬᠤᠨᠢᠨ ᠤ ᠠᠷᠠᠯᠵᠢᠶᠠᠨ ᠤ ᠵᠠᠬ᠎ᠠ ᠳᠡᠯᠭᠡᠭᠦᠷ᠂ ᠥᠪᠥᠷ ᠮᠣᠩᠭᠤᠯ ᠤᠨ ᠬᠤᠸᠠ ᠶᠠᠩ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠳᠤᠹᠧᠩ ᠠᠮᠢ ᠠᠬᠤᠢ ᠶᠢᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠷᠢᠨ ᠤᠷᠤᠯᠳᠤᠭᠠᠨ ᠤ ᠲᠠᠯᠠᠪᠠᠢ᠂ ᠬᠠᠩᠭᠠᠯ ᠨᠠᠭᠤᠷ ᠤᠨ ᠰᠡᠯᠡᠭᠦᠴᠡᠯ ᠵᠢᠭᠤᠯᠴᠢᠯᠠᠯ ᠤᠨ ᠠᠮᠠᠷᠠᠯᠲᠠ ᠶᠢᠨ ᠣᠷᠣᠨ ᠵᠡᠷᠭᠡ ᠭᠠᠵᠠᠷ ᠢᠶᠠᠷ ᠭᠦᠨᠵᠡᠭᠡᠶᠢᠷᠡᠨ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠵᠢᠴᠢ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯ᠎ᠡ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠡᠷᠭᠢᠯᠡᠭᠰᠡᠨ ᠪᠠᠶᠢᠳᠠᠯ ᠢ ᠣᠶᠢᠯᠠᠭᠠᠪᠠ᠃    ᠰᠢᠨᠵᠢᠯᠡᠨ ᠪᠠᠶᠢᠴᠠᠭᠠᠬᠤ ᠪᠦᠯᠬᠦᠮ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠦᠬᠡᠷ ᠤᠨ ᠠᠵᠤ ᠦᠢᠯᠡᠰ᠂ ᠰᠣᠶᠣᠯ ᠵᠢᠭᠤᠯᠴᠢᠯᠠᠯ ᠤᠨ ᠠᠵᠤ ᠦᠢᠯᠡᠰ ᠢ ᠬᠥᠭᠵᠢᠭᠦᠯᠬᠦ ᠵᠡᠷᠭᠡ ᠲᠠᠯ᠎ᠠ ᠪᠠᠷ ᠥᠪᠡᠷᠮᠢᠴᠡ ᠳᠠᠪᠠᠭᠤᠯᠢᠭ ᠲᠠᠢ ᠪᠠᠶᠢᠵᠤ᠂ ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠦᠬᠡᠷ ᠤᠨ ᠠᠷᠠᠯᠵᠢᠶᠠᠨ ᠤ ᠶᠡᠭᠡ ᠬᠤᠷᠠᠯ᠂ ᠥᠪᠥᠷ ᠮᠣᠩᠭᠤᠯ ᠤᠨ ᠲᠠᠯ᠎ᠠ ᠨᠤᠲᠤᠭ ᠤᠨ ᠰᠡᠯᠡᠭᠦᠴᠡᠯ ᠪᠡᠶ᠎ᠡ ᠶᠢᠨ ᠲᠠᠮᠢᠷ ᠤᠨ ᠶᠡᠭᠡ ᠬᠤᠷᠠᠯ ᠤᠨ ᠡᠯ᠎ᠡ ᠲᠥᠷᠥᠯ ᠤᠨ ᠤᠷᠤᠯᠳᠤᠭᠠᠨ ᠤ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠨᠡᠯᠢᠶᠡᠳ ᠰᠠᠶᠢᠨ ᠦᠷ᠎ᠡ ᠪᠦᠲᠦᠮᠵᠢ ᠣᠯᠪᠠ᠃ ᠰᠢ ᠬᠣ᠋ ᠪᠦᠯᠦᠭᠯᠡᠯ ᠤᠨ ᠬᠢᠨ ᠲᠤᠰ ᠪᠡᠶ᠎ᠡ ᠶᠢᠨ ᠬᠥᠭᠵᠢᠯᠲᠡ ᠶᠢᠨ ᠲᠠᠪᠴᠠᠩ ᠢᠶᠠᠨ ᠠᠰᠢᠭᠯᠠᠵᠤ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠠᠢ ᠭᠦᠨᠵᠡᠭᠡᠢ ᠬᠠᠮᠲᠤᠷᠠᠯᠴᠠᠬᠤ ᠠᠵᠠ ᠲᠣᠬᠢᠶᠠᠯ ᠢ ᠡᠵᠡᠮᠳᠡᠵᠦ ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠳᠡᠮᠵᠢᠵᠦ᠂ ᠦᠢᠯᠡᠳᠬᠦᠨ ᠤ ᠲᠦᠷᠦᠯ ᠲᠡᠮᠳᠡᠭ ᠤᠨ ᠳᠡᠰ ᠳᠡᠪᠰᠢᠬᠦ ᠶᠢ ᠠᠬᠢᠭᠤᠯᠵᠤ᠂ ᠵᠠᠬ᠎ᠠ ᠳᠡᠯᠭᠡᠭᠦᠷ ᠤᠨ ᠪᠣᠷᠣᠯᠠᠭᠤᠯᠭ᠎ᠠ ᠶᠢ ᠠᠬᠢᠭᠤᠯᠵᠤ᠂ ᠪᠠᠶᠢᠩᠭᠤᠵᠢᠭᠰᠠᠨ ᠬᠠᠮᠲᠤᠷᠠᠯᠴᠠᠭᠠᠨ ᠤ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠨᠡᠩ ᠰᠠᠶᠢᠨ ᠬᠦᠴᠦᠨ ᠨᠡᠮᠡᠷᠢᠯᠡᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号