ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠦᠯᠢᠶᠡᠮᠤᠳᠤ ᠶᠡᠭᠡ ᠵᠡᠭᠡᠯᠢ ᠶᠢ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2024/7/31
    ᠣᠶᠢᠷ᠎ᠠ ᠶᠢᠨ ᠡᠳᠦᠷ ᠤᠳ ᠲᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠠᠷᠢᠯᠭ᠎ᠠ ᠶᠢᠨ ᠬᠤᠭᠤᠴᠠᠭ᠎ᠠ ᠶᠢ ᠠᠮᠵᠢᠨ ᠠᠳᠬᠤᠵᠤ᠂ ᠲᠦᠯᠢᠶᠡᠮᠤᠳᠤ ᠶᠡᠭᠡ ᠵᠡᠭᠡᠯᠢ ᠶᠢ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠬᠡᠷᠡᠭᠵᠢᠭᠦᠯᠵᠦ᠂ ᠲᠤᠰ ᠵᠠᠮ ᠤᠨ ᠬᠡᠰᠡᠭ ᠤᠨ ᠴᠠᠭ ᠲᠤᠬᠠᠢ ᠳᠤᠨᠢ ᠲᠡᠷᠭᠡ ᠨᠡᠪᠲᠡᠷᠡᠬᠦ ᠶᠢ ᠪᠠᠲᠤᠯᠠᠵᠤ᠂ ᠵᠠᠮ ᠬᠠᠷᠢᠯᠴᠠᠭᠠᠨ ᠤ ᠳᠠᠷᠤᠯᠲᠠ ᠶᠢ ᠬᠥᠩᠭᠡᠷᠡᠭᠦᠯᠵᠦ᠂ ᠪᠠᠶᠠᠨᠬᠤᠰᠢᠭᠤ ᠪᠠᠯᠭᠠᠰᠤᠨ ᠤ ᠬᠤᠲᠠ ᠶᠢᠨ ᠲᠣᠭᠤᠷᠢᠭ ᠤᠨ ᠰᠠᠭᠤᠭᠠᠯᠢ ᠠᠷᠠᠳ ᠤᠨ ᠠᠮᠤᠷ ᠲᠦᠪᠰᠢᠨ ᠢᠶᠠᠷ ᠭᠠᠳᠠᠭᠰᠢ ᠭᠠᠷᠬᠤ ᠳᠤ ᠪᠠᠲᠤᠯᠠᠭ᠎ᠠ ᠬᠠᠩᠭᠠᠪᠠ᠃    ᠲᠦᠯᠢᠶᠡᠮᠤᠳᠤ ᠶᠡᠭᠡ ᠵᠡᠭᠡᠯᠢ ᠶᠢ ᠥᠭᠡᠷᠡᠴᠢᠯᠡᠬᠦ ᠢᠨᠵᠧᠨᠧᠷᠢᠩ ᠨᠢ ᠪᠠᠷᠠᠭᠤᠨ ᠠᠴᠠ ᠬᠤᠤᠯᠢᠨ ᠭᠤᠣᠯ ᠤᠨ ᠬᠠᠰᠢᠯᠭ᠎ᠠ ᠠᠴᠠ ᠡᠬᠢᠯᠡᠵᠦ᠂ ᠵᠡᠭᠦᠨᠰᠢ ᠪᠠᠶᠠᠨᠬᠤᠰᠢᠭᠤ ᠶᠡᠭᠡ ᠵᠡᠭᠡᠯᠢ ᠬᠦᠷᠴᠦ᠂ ᠵᠠᠮ ᠤᠨ ᠡᠮᠦᠨ᠎ᠡ᠂ ᠬᠤᠶᠢᠲᠤ ᠬᠤᠶᠠᠷ ᠲᠠᠯ᠎ᠠ ᠪᠠᠷ ᠭᠤᠣᠯᠳᠠᠭᠤ ᠣᠷᠣᠨ ᠰᠠᠭᠤᠴᠠ ᠶᠢᠨ ᠲᠣᠭᠤᠷᠢᠭ ᠪᠣᠯᠤᠨ᠎ᠠ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ᠂ ᠶᠢᠨ ᠱᠢ ᠬᠤᠳᠠᠯᠳᠤᠭᠠᠨ ᠤ ᠲᠠᠯᠠᠪᠠᠢ ᠶᠢᠨ ᠵᠠᠮ ᠤᠨ ᠬᠡᠰᠡᠭ ᠤᠨ ᠵᠡᠭᠦᠨ ᠬᠡᠰᠡᠭ ᠲᠤ᠂ ᠬᠤᠶᠠᠷ ᠵᠡᠮ ᠳᠡᠪᠢᠰᠬᠦ ᠮᠠᠰᠢᠨ ᠶᠠᠭ ᠠᠭᠠᠵᠢᠮ ᠢᠶᠠᠷ ᠤᠷᠤᠭᠰᠢᠯᠠᠵᠤ᠂ ᠪᠠᠷᠤᠭᠰᠢᠨ ᠳᠡᠪᠢᠰᠴᠦ᠂ ᠬᠡᠳᠦᠨ ᠵᠠᠮ ᠳᠠᠷᠤᠬᠤ ᠮᠠᠰᠢᠨ ᠨᠠᠭᠠᠰᠢ ᠴᠠᠭᠠᠰᠢ ᠪᠤᠴᠠᠵᠤ᠂ ᠵᠠᠮ ᠤᠨ ᠭᠠᠳᠠᠷᠭᠤ ᠶᠢ ᠳᠠᠷᠤᠵᠤ ᠲᠡᠭᠰᠢᠯᠡᠭᠰᠡᠨ ᠪᠠᠶᠢᠨ᠎ᠠ ᠃ 31 ᠭᠷᠠᠳᠦ᠋ᠰ ᠤᠨ ᠥᠨᠳᠥᠷ ᠳᠤᠯᠠᠭᠠᠨ ᠳᠣᠣᠷ᠎ᠠ᠂ ᠪᠠᠷᠢᠯᠭ᠎ᠠ ᠶᠢᠨ ᠠᠵᠢᠯᠲᠠᠳ ᠲᠡᠮᠦᠷ ᠬᠦᠷᠵᠡ ᠪᠠᠷᠢᠵᠤ᠂ ᠵᠠᠮ ᠳᠠᠷᠤᠬᠤ ᠮᠠᠰᠢᠨ ᠲᠠᠢ ᠬᠠᠮᠵᠢᠯᠴᠠᠨ᠂ ᠲᠤᠬᠠᠢ ᠶᠢᠨ ᠲᠠᠯᠠᠪᠠᠢ ᠳᠤ ᠬᠥᠷ ᠬᠥᠭᠵᠢᠶᠡᠨ ᠲᠠᠢ ᠶᠠᠭᠠᠷᠠᠯᠳᠤᠵᠤ ᠪᠠᠶᠢᠯ᠎ᠠ᠃    ︽ᠪᠢᠳᠡ ᠶᠠᠭ ᠬᠠᠮ ᠵᠠᠭᠤᠴᠢᠯᠠᠭᠤᠷ ᠤᠨ ᠲᠥᠪ ᠠᠴᠠ ᠶᠢᠨ ᠱᠢ ᠬᠤᠳᠠᠯᠳᠤᠭᠠᠨ ᠤ ᠠᠭᠤᠳᠠᠮ ᠲᠠᠯᠠᠪᠠᠢ ᠶᠢᠨ ᠪᠠᠷᠤᠭᠰᠢᠨ ᠳᠡᠯᠭᠡᠬᠦ ᠠᠵᠢᠯ ᠢ ᠬᠢᠵᠦ ᠪᠤᠢ᠂ 7 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ ᠠᠵᠢᠯ ᠳᠠᠭᠤᠰᠴᠤ᠂ ᠦᠳᠡ ᠶᠢᠨ ᠬᠤᠶᠢᠨ᠎ᠠ ᠬᠡᠪ ᠤᠨ ᠪᠠᠶᠢᠳᠠᠯ ᠢᠶᠠᠷ ᠨᠡᠪᠲᠡᠷᠡᠵᠦ᠂ ᠡᠮᠦᠨᠡᠬᠢ ᠬᠤᠭᠤᠴᠠᠭᠠᠨ ᠳᠤ ᠴᠠᠭ ᠠᠭᠤᠷ ᠤᠨ ᠰᠢᠯᠲᠠᠭᠠᠨ ᠠᠴᠠ ᠪᠣᠯᠵᠤ ᠵᠠᠷᠢᠮ ᠴᠠᠭ ᠢ ᠰᠠᠭᠠᠲᠠᠭᠠᠵᠤ᠂ ᠣᠳᠣᠬᠠᠨ ᠳᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠪᠣᠯᠤᠨ ᠵᠠᠮ ᠬᠠᠷᠢᠯᠴᠠᠭᠠᠨ ᠤ ᠴᠠᠭᠳᠠᠭ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠦᠴᠦᠲᠡᠢ ᠳᠡᠮᠵᠢᠯᠭᠡ ᠳᠣᠣᠷ᠎ᠠ᠂ ᠲᠥᠷᠥᠯ ᠵᠦᠢᠯ ᠤᠨ ᠶᠠᠮᠤᠨ ᠪᠦᠬᠦ ᠬᠦᠴᠦᠨ ᠢᠶᠠᠷ ᠢᠶᠠᠨ ᠪᠠᠷᠢᠯᠭ᠎ᠠ ᠶᠢᠨ ᠠᠵᠢᠯ ᠢ ᠱᠠᠯᠠᠪᠳᠠᠨ ᠬᠢᠵᠦ᠂ ᠪᠦᠬᠦ ᠱᠤᠭᠤᠮ ᠤᠨ ᠠᠵᠢᠯ ᠢᠶᠠᠨ ᠲᠦᠷᠭᠡᠨ ᠳᠠᠭᠤᠰᠬᠠᠵᠤ᠂ ᠡᠭᠦᠨ ᠤ ᠤᠯᠠᠮ ᠠᠴᠠ ᠣᠯᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠶᠢ ᠪᠠᠲᠤᠯᠠᠵᠤ ᠪᠠᠶᠢᠨ᠎ᠠ︾ ᠬᠡᠵᠤ ᠲᠦᠯᠢᠶᠡᠮᠤᠳᠤ ᠶᠡᠭᠡ ᠵᠡᠭᠡᠯᠢ ᠶᠢᠨ ᠥᠭᠡᠷᠡᠴᠢᠯᠡᠯᠲᠡ ᠶᠢᠨ ᠢᠨᠵᠧᠨᠧᠷᠢᠩ ᠤᠨ ᠲᠤᠬᠠᠢ ᠶᠢᠨ ᠲᠠᠯᠠᠪᠠᠢ ᠶᠢᠨ ᠬᠠᠷᠢᠭᠤᠴᠠᠯᠭᠠᠲᠠᠨ ᠬᠤ᠋  ᠨᠧᠩ ᠬᠤᠸᠠ ᠬᠡᠯᠡᠪᠡ᠃    ᠣᠶᠢᠯᠠᠭᠠᠭᠰᠠᠨ ᠢᠶᠠᠷ᠂ ᠵᠠᠮ ᠤᠨ ᠭᠠᠳᠠᠷᠭᠤ ᠳᠤ ᠪᠠᠷᠤᠭᠰᠢᠨ ᠳᠡᠪᠢᠰᠬᠦ ᠠᠵᠢᠯ ᠢ ᠳᠤᠯᠠᠭᠠᠨ ᠭᠠᠩ ᠬᠠᠭᠤᠷᠠᠢ ᠪᠠᠶᠢᠬᠤ ᠨᠥᠬᠦᠴᠡᠯ ᠳᠣᠣᠷ᠎ᠠ ᠬᠢᠵᠦ᠂ ᠪᠠᠷᠤᠭᠰᠢᠨ ᠵᠠᠮ ᠤᠨ ᠭᠠᠳᠠᠷᠭᠤ ᠳᠡᠭᠡᠷ᠎ᠡ ᠭᠦᠢᠴᠡᠳ ᠨᠠᠭᠠᠯᠳᠤᠬᠤ ᠶᠢ ᠦᠨᠡᠨ ᠬᠦ ᠪᠠᠲᠤᠯᠠᠵᠤ᠂ ᠡᠭᠦᠨ ᠤ ᠤᠯᠠᠮ ᠠᠴᠠ ᠵᠠᠮ ᠤᠨ ᠭᠠᠳᠠᠷᠭᠤ ᠶᠢᠨ ᠶᠠᠰᠤ ᠴᠢᠨᠠᠷ ᠪᠠ ᠳᠠᠭᠠᠭᠠᠮᠠᠭᠠᠢ ᠴᠢᠨᠠᠷ ᠢ ᠪᠠᠲᠤᠯᠠᠬᠤ ᠬᠡᠷᠡᠭᠲᠡᠢ᠃ ᠴᠢᠭᠢᠭᠯᠢᠭ ᠠᠭᠤᠷ ᠠᠮᠢᠰᠬᠤᠯ ᠨᠢ ᠪᠠᠷᠤᠭᠰᠢᠨ ᠶᠢᠨ ᠨᠢᠯᠲᠠᠭ ᠴᠢᠨᠠᠷ ᠢ ᠪᠠᠭᠤᠷᠠᠭᠤᠯᠵᠤ᠂ ᠪᠠᠷᠢᠯᠭ᠎ᠠ ᠶᠢᠨ ᠠᠵᠢᠯᠲᠠᠳ ᠤᠨ ᠠᠮᠤᠷ ᠲᠦᠪᠰᠢᠨ ᠢ ᠨᠥᠯᠥᠭᠡᠯᠡᠵᠦ᠂ ᠪᠠᠷᠢᠯᠭ᠎ᠠ ᠶᠢᠨ ᠠᠵᠢᠯ ᠤᠨ ᠬᠦᠴᠢᠷᠳᠡᠯ ᠪᠣᠯᠤᠨ ᠠᠶᠤᠯ ᠲᠦᠭᠰᠢᠭᠦᠷᠢ ᠶᠢ ᠨᠡᠮᠡᠭᠳᠡᠭᠦᠯᠬᠦ ᠪᠣᠯᠤᠨ᠎ᠠ᠃ ᠡᠶᠢᠮᠦ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠲᠤᠩᠭᠠᠯᠠᠭ ᠰᠠᠶᠢᠬᠠᠨ ᠠᠭᠤᠷ ᠠᠮᠢᠰᠬᠤᠯ ᠢ ᠠᠳᠬᠤᠵᠤ᠂ ᠲᠦᠷᠭᠡᠨ ᠠᠵᠢᠯ ᠳᠠᠭᠤᠰᠬᠠᠬᠤ ᠪᠠᠷ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠣᠪᠴᠢᠶᠠᠨ ᠳᠠᠷᠤᠭ᠎ᠠ ᠴᠠᠩ ᡁᠢ ᠬᠤᠩ᠄ ︽ᠣᠳᠣᠬᠠᠨ ᠳᠤ ᠲᠦᠯᠢᠶᠡᠮᠤᠳᠤ ᠶᠡᠭᠡ ᠵᠡᠭᠡᠯᠢ ᠶᠢ ᠥᠭᠡᠷᠡᠴᠢᠯᠡᠬᠦ ᠢᠨᠵᠧᠨᠧᠷᠢᠩ ᠢ ᠶᠠᠭ ᠬᠡᠷᠡᠭᠵᠢᠭᠦᠯᠵᠦ ᠪᠠᠶᠢᠨ᠎ᠠ᠂ ᠵᠠᠮ ᠤᠨ ᠪᠦᠬᠦ ᠤᠷᠲᠤ ᠨᠢ 4212 ᠮᠧᠲᠷ ᠪᠤᠯᠤᠨ᠎ᠠ᠃ ᠳᠠᠷᠠᠭᠠᠴᠢ ᠶᠢᠨ ᠠᠯᠬᠤᠮ ᠳᠤ᠂ ᠮᠠᠨ ᠤ ᠲᠣᠪᠴᠢᠶ᠎ᠠ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠪᠠᠨ ᠴᠢᠩᠭᠠᠳᠬᠠᠵᠤ᠂ ᠴᠠᠭ ᠠᠭᠤᠷ ᠤᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠨ᠂ ᠪᠠᠷᠢᠯᠭ᠎ᠠ ᠶᠢᠨ ᠠᠵᠢᠯ ᠤᠨ ᠰᠢᠵᠢᠷ ᠠᠯᠲᠠᠨ ᠬᠤᠭᠤᠴᠠᠭ᠎ᠠ ᠶᠢ ᠠᠮᠵᠢᠨ ᠠᠳᠬᠤᠵᠤ᠂ ᠪᠠᠷᠢᠯᠭ᠎ᠠ ᠶᠢᠨ ᠠᠬᠢᠴᠠ ᠶᠢ ᠲᠦᠷᠭᠡᠳᠬᠡᠨ ᠠᠬᠢᠭᠤᠯᠵᠤ᠂ ᠪᠠᠷᠢᠯᠭ᠎ᠠ ᠶᠢᠨ ᠶᠠᠰᠤ ᠴᠢᠨᠠᠷ ᠢ ᠪᠠᠲᠤᠯᠠᠨ᠂ ᠠᠷᠠᠳ ᠣᠯᠠᠨ ᠤ ᠬᠦᠰᠡᠯ ᠡᠷᠡᠮᠡᠯᠵᠡᠯ ᠢ ᠨᠡᠩ ᠰᠠᠶᠢᠲᠤᠷ ᠬᠠᠩᠭᠠᠨ᠎ᠠ᠃    ᠣᠶᠢᠯᠠᠭᠠᠭᠰᠠᠨ ᠢᠶᠠᠷ᠂ ᠲᠦᠯᠢᠶᠡᠮᠤᠳᠤ ᠶᠡᠭᠡ ᠵᠡᠭᠡᠯᠢ ᠶᠢ ᠥᠭᠡᠷᠡᠴᠢᠯᠡᠨ ᠪᠠᠶᠢᠭᠤᠯᠬᠤ ᠢᠨᠵᠧᠨᠧᠷᠢᠩ ᠤᠨ ᠶᠡᠷᠦᠩᠬᠡᠢ ᠪᠡᠯᠡ ᠣᠷᠣᠭᠤᠯᠤᠯᠲᠠ ᠨᠢ 8701.52 ᠲᠦᠮᠡᠨ ᠲᠥᠭᠦᠷᠢᠭ ᠲᠤ ᠬᠦᠷᠴᠦ᠂ ᠲᠤᠰ ᠢᠨᠵᠧᠨᠧᠷᠢᠩ ᠤᠨ ᠤᠷᠤᠭᠰᠢᠲᠠᠢ ᠪᠠᠶᠢᠭᠤᠯᠤᠭᠳᠠᠭᠰᠠᠨ ᠨᠢ ᠵᠠᠮ ᠬᠠᠷᠢᠯᠴᠠᠭᠠᠨ ᠤ ᠳᠠᠷᠤᠯᠲᠠ ᠶᠢ ᠪᠦᠲᠦᠮᠵᠢᠲᠡᠢ ᠨᠠᠮᠳᠠᠭᠤᠯᠵᠤ᠂ ᠪᠠᠶᠠᠨᠬᠤᠰᠢᠭᠤ ᠪᠠᠯᠭᠠᠰᠤ ᠶᠢᠨ ᠬᠤᠲᠠ ᠶᠢᠨ ᠵᠠᠮ ᠬᠠᠷᠢᠯᠴᠠᠭᠠᠨ ᠤ ᠲᠦᠪᠰᠢᠨ ᠢ ᠠᠬᠢᠭᠤᠯᠵᠤ᠂ ᠡᠷᠭᠢᠨ ᠲᠣᠭᠤᠷᠢᠨ ᠤ ᠰᠠᠭᠤᠭᠠᠯᠢ ᠠᠷᠠᠳ ᠤᠨ ᠶᠠᠪᠤᠵᠤ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠵᠤ᠂ ᠵᠠᠮ ᠳᠠᠭᠠᠤ ᠶᠢᠨ ᠬᠤᠶᠠᠷ ᠬᠠᠵᠠᠭᠤ ᠶᠢᠨ ᠭᠡᠷ ᠪᠠᠶᠢᠰᠢᠩ ᠭᠠᠵᠠᠷ ᠬᠥᠷᠥᠩᠭᠡ ᠶᠢᠨ ᠨᠡᠭᠡᠭᠡᠨ ᠬᠥᠭᠵᠢᠭᠦᠯᠦᠯᠲᠡ᠂ ᠣᠷᠣᠨ ᠪᠦᠰᠡ ᠶᠢᠨ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ᠂ ᠬᠤᠲᠠ ᠶᠢᠨ ᠳᠦᠷᠰᠦ ᠪᠠᠶᠢᠳᠠᠯ ᠢ ᠳᠡᠭᠡᠭᠰᠢᠯᠡᠭᠦᠯᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号