ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠭᠦᠳᠡ ᠬᠤᠷᠠᠯ ᠬᠥᠬᠡᠬᠤᠲᠠ ᠳᠤ ᠬᠤᠷᠠᠯᠳᠤᠪᠠ
ᠨᠡᠶᠢᠲᠡᠯᠡᠭᠰᠡᠨ ᠴᠠᠭ᠄
2024/7/31
   7 ᠰᠠᠷ᠎ᠠ ᠶᠢᠨ 29 ᠤ ᠦᠳᠡ ᠶᠢᠨ ᠡᠮᠦᠨ᠎ᠡ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠪᠦᠬᠦᠳᠡ ᠬᠤᠷᠠᠯ ᠬᠥᠬᠡᠬᠤᠲᠠ ᠳᠤ ᠬᠤᠷᠠᠯᠳᠤᠪᠠ᠂ ᠬᠤᠷᠠᠯ 3 ᠡᠳᠦᠷ ᠶᠠᠪᠤᠬᠳᠠᠨ᠎ᠠ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠠᠩᠬᠠᠳᠤᠭᠠᠷ ᠤᠳᠠᠭ᠎ᠠ ᠶᠢᠨ ᠪᠥᠬᠦᠳᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠮᠦᠨ᠎ᠡ ᠠᠴᠠ ᠪᠥᠬᠦᠳᠡ ᠬᠤᠷᠠᠯ ᠳᠤ ᠠᠵᠢᠯ ᠢᠶᠠᠨ ᠮᠡᠳᠡᠭᠦᠯᠦᠭᠰᠡᠨ ᠪᠥᠭᠡᠳ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠶ ᠲᠣᠳᠣᠷᠬᠠᠶᠢᠯᠠᠯᠲᠠ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠬᠤᠷᠠᠯ ᠳᠤ ᠣᠷᠣᠯᠴᠠᠵᠠᠢ᠃   ᠡᠨᠡ ᠤᠳᠠᠭ᠎ᠠ ᠶᠢᠨ ᠪᠦᠭᠦᠳᠡ ᠬᠤᠷᠠᠯ ᠤᠨ ᠭᠤᠣᠯ ᠡᠭᠦᠷᠭᠡ ᠪᠣᠯ᠄ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠣᠣᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠬᠤ ᠪᠤᠯᠤᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号