ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/7/31
   ᠾᠧ ᠰᠢᠶᠤᠤ ᠷᠦᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ ᠰᠦᠨ ᠱᠤᠤ ᠴᠧᠩ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ ᠸᠠᠩ ᠯᠢ ᠰᠢᠶᠠ ᠵᠠᠩ ᠶᠠᠨ ᠺᠦᠨ ᠣᠷᠣᠯᠴᠠᠵᠠᠢ   ᠨᠠᠮ ᠤᠨ ᠲᠥᠪ ᠬᠤᠷᠢᠶᠠᠨ ᠤ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ 7 ᠰᠠᠷ᠎ᠠ ᠶᠢᠨ 30 ᠤ ᠡᠳᠦᠷ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠬᠥᠬᠡᠬᠤᠲᠠ ᠳᠤ ᠶᠠᠪᠤᠭᠳᠠᠵᠤ᠂ ᠲᠥᠪ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠠᠷᠠᠳ ᠤᠨ ᠳᠡᠭᠡᠳᠦ ᠰᠢᠭᠦᠬᠦ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠬᠤᠷᠢᠶᠠᠨ ᠳᠠᠷᠤᠭ᠎ᠠ ᠾᠧ ᠰᠢᠶᠤᠤ ᠷᠦᠩ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠮᠡᠳᠡᠭᠦᠯᠦᠯᠲᠡ ᠶᠢᠨ ᠬᠤᠷᠠᠯ ᠢ ᠡᠷᠬᠢᠯᠡᠭᠰᠡᠨ ᠪᠥᠭᠡᠳ ᠶᠠᠷᠢᠶ᠎ᠠ ᠲᠠᠯᠪᠢᠵᠠᠢ᠃   ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ᠂ ᠥᠪᠡᠷᠲᠡᠭᠡᠨ ᠵᠠᠰᠠᠬᠤ ᠣᠷᠣᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ ᠺᠦᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠥᠨᠳᠥᠷ ᠵᠡᠷᠭᠡ ᠶᠢᠨ ᠰᠢᠭᠦᠬᠦ ᠬᠤᠷᠢᠶᠠᠨ ᠤ ᠳᠠᠷᠤᠭ᠎ᠠ᠂ ᠮᠤᠵᠢ ᠶᠢᠨ ᠲᠠᠰ ᠤᠨ ᠠᠵᠢᠯ ᠠᠴᠠ ᠪᠠᠨ ᠠᠮᠠᠷᠠᠭᠰᠠᠨ ᠠᠬᠠᠮᠠᠳ ᠨᠥᠬᠦᠳ ᠤᠨ ᠲᠥᠯᠥᠭᠡᠯᠡᠭᠴᠢᠳ ᠬᠤᠷᠠᠯ ᠳᠤ ᠣᠷᠣᠯᠴᠠᠵᠠᠶ᠃   ᠮᠡᠳᠡᠭᠦᠯᠦᠯᠲᠡ ᠶᠢᠨ ᠬᠤᠷᠠᠯ ᠳᠡᠭᠡᠷ᠎ᠡ᠂ ᠾᠧ ᠰᠢᠶᠤᠤ ᠷᠦᠩ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠶᠡᠷᠦᠩᠬᠡᠶ ᠱᠦᠵᠢ ᠰᠢ ᠶᠢᠨ ᠫᠢᠩ ᠤᠨ ᠪᠥᠬᠦᠳᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ︽ᠲᠣᠭᠲᠠᠭᠠᠯ︾ ᠳᠤ ᠳᠤᠷᠠᠳᠤᠭᠰᠠᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶᠢᠷᠡᠭᠦᠯᠬᠦ ᠴᠢᠬᠤᠯᠠ ᠶᠡᠭᠡ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠣᠨᠣᠪᠴᠢᠲᠠᠶ ᠣᠶᠢᠯᠠᠭᠠᠵᠥ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠬᠤ ᠳᠦᠷᠪᠡᠨ ᠳᠠᠯ᠎ᠠ ᠠᠴᠠ ᠣᠨᠣᠪᠴᠢᠲᠠᠶ ᠲᠣᠳᠣᠷᠬᠠᠶᠢᠯᠠᠨ ᠦᠬᠦᠯᠡᠭᠰᠡᠨ ᠪᠠ ᠭᠦᠨᠵᠡᠭᠡᠶ ᠲᠠᠶᠢᠯᠤᠮᠵᠢ ᠬᠢᠪᠠ᠃ ᠬᠤᠷᠠᠯ ᠳᠤ ᠣᠷᠣᠯᠴᠠᠭᠰᠠᠨ ᠨᠥᠬᠦᠳ᠂ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠨᠢ ᠪᠥᠬᠦ ᠲᠠᠯ᠎ᠠ ᠶᠢᠨ ᠰᠢᠰᠲ᠋ᠧᠮ ᠲᠠᠢ᠂ ᠭᠤᠤᠯᠳᠠᠯᠭ᠎ᠠ ᠶᠢ ᠳᠣᠪᠤᠶᠢᠯᠭᠠᠵᠤ᠂ ᠭᠦᠨᠵᠡᠭᠡᠶ ᠪᠥᠭᠡᠳ ᠴᠢᠩᠭ᠎ᠠ ᠨᠢᠮᠪᠠᠶ᠂ ᠲᠥᠬᠦᠮ ᠣᠶᠢᠯᠠᠭᠠᠮᠵᠢᠲᠠᠶ ᠪᠠᠶᠢᠵᠤ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢᠨ ᠳᠤᠬᠠᠢ ᠨᠢᠭᠡ ᠤᠳᠠᠭᠠᠨ ᠤ ᠡᠷᠬᠡ ᠰᠦᠷᠲᠦ ᠬᠠᠪᠰᠤᠷᠤᠨ ᠵᠢᠯᠣᠭᠤᠳᠣᠯᠭ᠎ᠠ ᠪᠠᠶᠢᠵᠤ᠂ ᠥᠪᠥᠷ ᠮᠣᠩᠭᠤᠯ ᠤᠨ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠬᠤ ᠳᠤ ᠴᠢᠬᠤᠯᠠ ᠵᠢᠯᠣᠭᠤᠳᠬᠤ ᠠᠴᠢ ᠬᠤᠯᠪᠣᠭᠳᠠᠯ ᠲᠠᠢ ᠬᠡᠵᠥ ᠢᠯᠡᠳᠬᠡᠵᠡᠬᠡᠪᠡ᠃ᠰᠦᠨ ᠱᠤᠤ ᠴᠧᠩ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠤᠨ᠎ᠠ᠃ ᠪᠢᠳᠡ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠬᠤ ᠶᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠬᠤ᠂ ᠶᠡᠷᠦᠩᠬᠡᠶ ᠱᠦᠵᠢ ᠶᠢᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠬᠤ᠂ ᠶᠡᠷᠦᠩᠬᠡᠶ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠲᠤᠬᠠᠶ ᠴᠢᠬᠤᠯᠠ ᠥᠭᠦᠯᠡᠯᠲᠡ ᠶᠢ ᠰᠤᠷᠤᠯᠴᠠᠬᠤ ᠲᠠᠢ ᠨᠢᠭᠲᠠ ᠤᠶᠠᠯᠳᠤᠭᠤᠯᠵᠤ᠂ ᠤᠶᠢᠯᠠᠭᠠᠨ ᠡᠵᠡᠮᠰᠢᠬᠦ ᠪᠠᠨ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ᠂ ᠰᠤᠷᠤᠯᠴᠠᠨ ᠣᠶᠢᠯᠠᠭᠠᠵᠤ ᠨᠡᠪᠲᠡᠷᠡᠲᠡᠯ᠎ᠡ ᠡᠵᠡᠮᠰᠢᠬᠦ ᠶᠢ ᠦᠨᠡᠨ ᠬᠦ ᠪᠡᠶᠡᠯᠡᠭᠦᠯᠵᠦ᠂ ︽ᠬᠤᠶᠠᠷ ᠢ ᠲᠣᠭᠲᠠᠭᠠᠬᠰᠠᠨ︾ ᠤ ᠰᠢᠢᠳᠪᠦᠷᠢᠯᠡᠭᠴᠢ ᠴᠢᠨᠠᠷᠳᠠᠢ ᠠᠴᠢ ᠬᠤᠯᠪᠣᠭᠳᠠᠯ ᠢ ᠨᠠᠩ ᠭᠦᠨᠵᠡᠭᠡᠶ ᠣᠶᠢᠯᠠᠭᠠᠵᠤ᠂ ︽ᠬᠤᠶᠠᠷ ᠢ ᠬᠠᠮᠠᠭᠠᠯᠠᠬᠤ︾ ᠢᠢ ᠨᠠᠩ ᠡᠷᠡᠰ ᠪᠡᠶᠡᠯᠡᠭᠦᠯᠬᠦ ᠬᠡᠷᠡᠭᠲᠡᠶ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠪᠠ ᠰᠢᠨ᠎ᠡ ᠵᠠᠮ ᠨᠡᠭᠡᠭᠡᠵᠦ ᠳᠤᠮᠳᠠ ᠳᠦᠪᠰᠢᠨ ᠳᠤ ᠣᠷᠣᠬᠤ ᠶᠢᠨ ᠬᠤᠷᠢᠭ᠎ᠠ ᠴᠡᠭ ᠳᠦᠭᠵᠢᠷᠡᠯ ᠴᠡᠭ ᠬᠦᠴᠢᠷ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠪᠦᠯᠦᠭ ᠲᠤᠯᠭᠠᠭᠤᠷᠢᠯᠠᠬᠤ ᠴᠢᠨᠠᠷᠲᠠᠢ᠂ ᠬᠦᠳᠦᠯᠥᠨ ᠳᠠᠭᠠᠭᠤᠯᠬᠤ ᠴᠢᠨᠠᠷᠲᠠᠢ᠂ ᠬᠥᠰᠢᠭᠦᠷᠭᠡ ᠶᠢᠨ ᠴᠢᠨᠠᠷᠲᠠᠢ ᠴᠢᠬᠤᠯᠠ ᠶᠡᠭᠡ ᠥᠭᠡᠷᠡᠴᠢᠯᠡᠯᠲᠡ ᠶᠢ ᠲᠥᠰᠦᠪᠯᠡᠨ ᠬᠡᠷᠡᠭᠵᠢᠭᠦᠯᠬᠦ ᠬᠡᠷᠡᠭᠲᠡᠢ ᠭᠡᠪᠡ᠃   ᠰᠦᠨ ᠱᠤᠤ ᠴᠧᠩ᠂ ᠨᠠᠮ ᠤᠨ ᠲᠥᠪ ᠬᠤᠷᠢᠶᠠᠨ ᠤ ᠭᠤᠷᠪᠠᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠡᠷᠬᠡᠪᠰᠢ ᠦᠨᠡᠨ ᠬᠦ ᠠᠳᠬᠤᠨ ᠪᠣᠳᠠᠲᠠᠢ ᠠᠵᠢᠯᠯᠠᠬᠤ ᠬᠡᠷᠡᠭᠲᠡᠢ᠃ ᠦᠷ᠎ᠡ ᠳ᠋ᠦᠩ ᠪᠣᠯ ᠬᠠᠮᠤᠭ ᠤᠨ ᠰᠠᠶᠢᠨ ᠶᠠᠪᠤᠴᠠ ᠮᠥᠨ᠂ ᠥᠭᠡᠷᠡᠴᠢᠯᠡᠯᠲᠡ ᠳᠤ ᠰᠥᠰᠥ ᠵᠣᠷᠢᠭ ᠪᠠ ᠡᠷᠴᠢ ᠵᠣᠷᠢᠭ ᠱᠠᠭᠠᠷᠳᠠᠭᠳᠠᠨ᠎ᠠ᠂ ᠪᠢᠳᠡ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠲᠡᠰᠪᠦᠷᠢ ᠬᠠᠲᠠᠭᠤᠵᠢᠯᠲᠠᠶ ᠪᠠᠷ ᠴᠤᠴᠠᠯᠲᠠ ᠥᠬᠡᠶ ᠤᠷᠤᠭᠰᠢᠯᠠᠵᠤ᠂ ᠠᠭᠤᠯᠠ ᠳᠠᠭᠠᠷᠠᠪᠠᠯ ᠵᠠᠮ ᠨᠡᠭᠡᠭᠡᠵᠦ᠂ ᠤᠰᠤ ᠳᠠᠭᠠᠷᠠᠪᠠᠯ ᠬᠥᠭᠦᠷᠭᠡ ᠲᠠᠯᠪᠢᠵᠤ᠂ ︽ᠲᠠᠪᠤᠨ ᠶᠡᠭᠡ ᠡᠭᠦᠷᠭᠡ︾ ᠢᠢ ᠦᠨᠡᠨ ᠬᠦ ᠰᠠᠶᠢᠲᠤᠷ ᠨᠠᠶᠢᠳᠠᠪᠤᠷᠢᠵᠢᠭᠤᠯᠵᠤ᠂ ︽ᠵᠢᠷᠭᠤᠭᠠᠨ ᠢᠨᠵᠧᠨᠧᠷᠢᠩ︾ ᠢ ᠰᠠᠶᠢᠲᠤᠷ ᠬᠡᠷᠡᠭᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠬᠦ ᠣᠪᠣᠷ ᠢᠶᠠᠷ ᠥᠪᠥᠷ ᠮᠣᠩᠭᠤᠯ ᠤᠨ ᠶᠠᠪᠤᠳᠠᠯ ᠢ ᠰᠠᠶᠢᠲᠤᠷ ᠬᠢᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢᠶᠠᠨ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠳᠡᠢ ᠬᠡᠪᠡ᠃   ᠮᠡᠳᠡᠭᠦᠯᠦᠯᠲᠡ ᠶᠢᠨ ᠬᠤᠷᠠᠯ ᠸᠢᠳᠢᠣ᠋ ᠬᠡᠯᠪᠡᠷᠢ ᠪᠠᠷ ᠶᠠᠪᠤᠭᠳᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠷᠪᠠᠨ ᠨᠢᠭᠡᠳᠦᠭᠡᠷ ᠬᠤᠭᠤᠴᠠᠭᠠᠨ ᠤ ᠨᠠᠢᠮᠠᠳᠤᠭᠠᠷ ᠪᠦᠬᠦᠳᠡ ᠬᠤᠷᠠᠯ ᠳᠤ ᠣᠷᠣᠯᠴᠠᠭᠰᠠᠳ᠂ ᠤᠨᠤᠯ ᠤᠨ ᠠᠵᠢᠯᠲᠠᠳ ᠪᠣᠯᠤᠨ ᠶᠡᠭᠡ ᠳᠡᠭᠡᠳᠦ ᠰᠤᠷᠭᠠᠭᠤᠯᠢ ᠶᠢᠨ ᠪᠠᠭᠰᠢ ᠰᠤᠷᠤᠭᠴᠢᠳ ᠤᠨ ᠲᠥᠯᠥᠭᠡᠯᠡᠭᠴᠢᠳ ᠭᠤᠣᠯ ᠬᠤᠷᠠᠯ ᠤᠨ ᠲᠠᠯᠠᠪᠠᠢ ᠳᠤ ᠮᠡᠳᠡᠭᠦᠯᠦᠯᠲᠡ ᠶᠢ ᠰᠣᠨᠣᠰᠴᠠᠢ᠃ ᠡᠯ᠎ᠡ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃   30 ᠤ ᠦᠳᠡ ᠶᠢᠨ ᠬᠤᠶᠢᠨ᠎ᠠ᠂ ᠾᠧ ᠰᠢᠶᠤᠤ ᠷᠦᠩ ᠢᠯᠢ ᠣᠲᠣ ᠦᠶ᠎ᠡ ᠶᠢᠨ ᠣᠶᠤᠨᠴᠢ ᠡᠷᠡᠭᠦᠯ ᠮᠡᠨᠳᠦ ᠶᠢᠨ ᠬᠦᠨᠳᠡᠢ᠂ ᠬᠤᠲᠣᠩ ᠠᠷᠠᠳ ᠤᠨ ᠲᠣᠭᠤᠷᠢᠭ ᠤᠨ ᠰᠠᠨ ᠱᠦᠨ ᠳ᠋ᠢᠶᠠᠨ ᠨᠡᠶᠢᠭᠡᠮ ᠲᠣᠭᠤᠷᠢᠭ ᠲᠤ ᠬᠦᠷᠴᠦ ᠤᠬᠠᠭᠤᠯᠤᠨ ᠲᠠᠶᠢᠯᠪᠤᠷᠢᠯᠠᠵᠤ᠂ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠨᠡᠶᠢᠭᠡᠮ ᠲᠣᠭᠤᠷᠢᠭ ᠤᠨ ᠺᠠᠳ᠋ᠷ᠂ ᠰᠠᠭᠤᠭᠠᠯᠢ ᠠᠷᠠᠳ ᠤᠨ ᠲᠥᠯᠥᠭᠡᠯᠡᠭᠴᠢᠳ ᠲᠠᠢ ᠰᠠᠨᠠᠯ ᠢᠶᠠᠨ ᠰᠣᠯᠢᠯᠴᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号