ᠯᠢᠦ ᠬᠠᠢ ᠯᠢᠨ᠄ ᠬᠥᠳᠡᠭᠡ ᠲᠣᠰᠬᠤᠨ ᠤ ᠥᠩ ᠰᠢᠮᠡᠯᠢᠭ ᠬᠦᠷᠦᠰᠦᠨ ᠳᠤ ᠦᠨᠳᠦᠰᠦᠯᠡᠨ ᠬᠥᠭᠵᠢᠭᠦᠯᠦᠨ ᠮᠠᠨᠳᠤᠭᠤᠯᠬᠤ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠪᠡ
ᠨᠡᠶᠢᠲᠡᠯᠡᠭᠰᠡᠨ ᠴᠠᠭ᠄
2024/7/4
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠰᠢᠷᠠᠲᠤᠪᠤ ᠭᠠᠴᠠᠭᠠᠨ ᠤ ᠨᠠᠮ ᠤᠨ ᠡᠭᠦᠷ ᠤᠨ ᠱᠦᠵᠢ ᠯᠢᠦ ᠬᠠᠢ ᠯᠢᠨ ᠲᠤᠰᠢᠶᠠᠯ ᠬᠠᠷᠢᠭᠤᠴᠠᠭᠰᠠᠨ ᠠᠴᠠ ᠨᠠᠰᠢ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠪᠣᠯᠤᠨ ᠮᠠᠯᠴᠢᠨ ᠲᠠᠷᠢᠶᠠᠴᠢᠨ ᠣᠯᠠᠨ ᠲᠦᠮᠡᠨ ᠢ ᠳᠠᠭᠠᠭᠤᠯᠤᠨ ᠬᠠᠮᠲᠤ ᠶᠢᠨ ᠡᠬᠢ ᠪᠠᠶᠠᠯᠢᠭ ᠢ ᠠᠮᠢᠳᠤᠯᠢᠭᠵᠢᠭᠤᠯᠵᠤ᠂ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠭᠠᠴᠠᠭ᠎ᠠ ᠲᠣᠰᠬᠤᠨ ᠤ ᠠᠬ᠎ᠠ ᠳᠡᠭᠦᠦ ᠨᠡᠷ ᠢ ᠬᠥᠲᠥᠯᠥᠨ ᠳᠠᠭᠠᠭᠤᠯᠵᠤ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ︾ ᠤ ᠪᠠᠶᠠᠵᠢᠯ ᠤᠨ ᠵᠠᠮ ᠢᠶᠠᠷ ᠵᠠᠮᠨᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠶᠢᠳᠠ ᠰᠠᠶᠢᠬᠠᠨ ᠬᠠᠷᠢᠭᠤᠯᠲᠠ ᠶᠢᠨ ᠬᠠᠭᠤᠳᠠᠰᠤ ᠶᠢ ᠰᠡᠳᠬᠢᠯ ᠲᠠᠯᠪᠢᠨ ᠪᠢᠴᠢᠭᠯᠡᠵᠦ᠂ ᠡᠨᠡ ᠵᠢᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠰᠢᠯᠢᠳᠡᠭ ᠡᠪ ᠬᠠᠮᠲᠤ ᠨᠠᠮ ᠤᠨ ᠭᠡᠰᠢᠭᠦᠨ︾ ᠤ ᠴᠣᠯᠠ ᠬᠦᠷᠲᠡᠪᠡ᠃    ᠰᠢᠷᠠᠳᠤᠪᠤ ᠭᠠᠴᠠᠭᠠᠨ ᠳᠤ ᠣᠷᠣᠬᠤ ᠳᠤ᠂ ᠨᠠᠷᠢᠨ ᠭᠤᠳᠤᠮᠵᠢ ᠪᠠᠷ ᠪᠠ ᠬᠤᠶᠠᠷ ᠲᠠᠯ᠎ᠠ ᠪᠠᠷ ᠢᠭᠴᠤ ᠰᠠᠬᠤᠯᠢᠭ ᠨᠣᠭᠤᠭᠠᠨ ᠤᠷᠭᠤᠮᠠᠯ ᠨᠢ ᠲᠣᠰᠬᠤᠨ ᠤ ᠬᠤᠭᠤᠷᠣᠨᠳᠣᠬᠢ ᠨᠠᠭᠤᠷ ᠴᠥᠭᠦᠷᠥᠮ ᠳᠤ ᠰᠡᠭᠦᠳᠡᠷ ᠲᠠᠲᠠᠵᠤ᠂ ᠰᠢᠯᠦᠭ ᠤᠨ ᠰᠠᠨᠠᠭ᠎ᠠ ᠪᠢᠯᠬᠠᠮ᠎ᠠ ᠪᠠᠶᠢᠯ᠎ᠠ᠃    ᠯᠢᠦ ᠬᠠᠢ ᠯᠢᠨ ᠰᠢᠷᠠᠳᠤᠪᠤ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠭᠰᠡᠨ ᠤ ᠳᠠᠷᠠᠭ᠎ᠠ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠰᠠᠭᠤᠷᠢ ᠴᠢᠨᠠᠷᠲᠠᠢ ᠢᠨᠵᠧᠨᠧᠷᠢᠩ ᠪᠣᠯᠭᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠺᠠᠳ᠋ᠷ ᠪᠣᠯᠤᠨ ᠨᠠᠮ ᠤᠨ ᠭᠡᠰᠢᠭᠦᠨ᠂ ᠨᠠᠮ ᠳᠤ ᠣᠷᠣᠬᠤ ᠢᠳᠡᠪᠬᠢᠲᠡᠨ ᠢ ᠳᠠᠭᠠᠭᠤᠯᠤᠨ ᠬᠤᠭ ᠨᠣᠪᠰᠢ ᠶᠢ ᠲᠥᠷᠥᠯ ᠬᠤᠪᠢᠶᠠᠬᠤ᠂ ᠭᠡᠷ ᠤᠨ ᠡᠮᠦᠨ᠎ᠡ ᠬᠤᠶᠢᠨ᠎ᠠ ᠶᠠᠭᠤᠮ᠎ᠠ ᠣᠪᠣᠭᠠᠯᠠᠬᠤ᠂ ᠲᠣᠰᠬᠤᠨ ᠤ ᠵᠠᠮ ᠢ ᠰᠠᠶᠢᠵᠢᠷᠠᠭᠤᠯᠬᠤ ᠵᠡᠷᠭᠡ ᠠᠵᠢᠯ ᠢᠶᠠᠷ ᠭᠠᠷᠳᠠᠬᠤ ᠴᠡᠭ ᠪᠣᠯᠭᠠᠵᠤ᠂ ᠭᠠᠴᠠᠭᠠᠨ ᠤ ᠳᠣᠲᠣᠷᠠᠬᠢ ᠵᠠᠮ ᠢ ᠪᠦᠬᠦᠨ ᠢ ᠬᠠᠲᠠᠭᠤᠷᠠᠭᠤᠯᠬᠤ᠂ ᠤᠰᠤ ᠵᠠᠯᠠᠬᠤ ᠰᠤᠪᠠᠭ ᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠵᠦ᠂ ᠪᠣᠬᠢᠷ ᠤᠰᠤᠨ ᠤ ᠬᠥᠨᠳᠡᠯᠡᠨ ᠤᠷᠤᠰᠬᠠᠯ ᠢ ᠲᠦᠢᠯᠪᠤᠷᠢᠲᠠᠢ ᠰᠢᠢᠳᠪᠦᠷᠢᠯᠡᠪᠡ᠃    ︽ᠯᠢᠦ ᠱᠦᠵᠢ ᠮᠠᠨ ᠤ ︿ᠬᠤᠶᠠᠷ ᠵᠥᠪᠯᠡᠯ﹀ ᠤᠨ ᠤᠳᠤᠷᠢᠳᠬᠤ ᠪᠠᠭ ᠪᠣᠯᠤᠨ ᠨᠠᠮ ᠤᠨ ᠭᠡᠰᠢᠭᠦᠨ ᠰᠠᠶᠢᠨ ᠳᠤᠷ᠎ᠠ ᠶᠢᠨ ᠦᠢᠯᠡᠴᠢᠯᠡᠭᠴᠢᠳ ᠢ ᠳᠠᠭᠠᠭᠤᠯᠤᠨ ᠭᠠᠷᠠᠭ ᠪᠦᠷᠢ ᠵᠡᠭᠡᠯᠢ ᠭᠤᠳᠤᠮᠵᠢ ᠳᠤ ᠭᠤᠷᠪᠠ ᠳᠥᠷᠪᠡᠨ ᠤᠳᠠᠭ᠎ᠠ ᠴᠡᠪᠡᠷᠯᠡᠭᠡ ᠬᠢᠵᠦ᠂ ᠣᠳᠣ ᠮᠠᠨ ᠤ ᠵᠡᠭᠡᠯᠢ ᠭᠤᠳᠤᠮᠵᠢ ᠤᠯᠠᠮ ᠠᠴᠠ ᠤᠯᠠᠮ ᠴᠡᠪᠡᠷ ᠪᠣᠯᠵᠣ᠂ ᠠᠷᠠᠳ ᠲᠦᠮᠡᠨ ᠰᠠᠭᠤᠬᠤ ᠨᠢ ᠴᠦ ᠲᠠᠭᠠᠯᠠᠮᠵᠢᠲᠠᠢ᠂ ᠪᠢᠳᠡ ᠮᠠᠰᠢ ᠪᠠᠶᠠᠷᠯᠠᠵᠤ ᠪᠠᠶᠢᠨ᠎ᠠ︾ ᠭᠡᠵᠦ ᠬᠡᠯᠡᠪᠡ᠃    ︽ᠭᠠᠴᠠᠭ᠎ᠠ ᠶᠢ ᠬᠥᠭᠵᠢᠭᠦᠯᠵᠦ᠂ ᠠᠵᠤ ᠦᠢᠯᠡᠰ ᠤᠨ ᠲᠤᠯᠭᠠᠭᠤᠷᠢᠯᠠᠯ ᠪᠣᠯ ᠵᠠᠩᠭᠢᠯᠠᠭ᠎ᠠ ᠮᠥᠨ︾ ᠭᠡᠬᠦ ᠬᠥᠭᠵᠢᠯᠲᠡ ᠶᠢᠨ ᠬᠠᠷᠠᠯᠲᠠ ᠶᠣᠰᠣᠭᠠᠷ᠂ ᠯᠢᠦ ᠬᠠᠢ ᠯᠢᠨ ᠭᠠᠴᠠᠭᠠᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠵᠤ᠂ ᠠᠵᠤ ᠦᠢᠯᠡᠰ ᠤᠨ ᠬᠥᠭᠵᠢᠯᠲᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦᠯᠡᠪᠡ᠃    ᠰᠢᠷᠠᠳᠤᠪᠤ ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠵᠢᠯ ᠳᠤ ᠣᠷᠣᠬᠤ ᠳᠤ᠂ ᠪᠣᠷᠣ ᠥᠩᠭᠡ ᠲᠠᠢ ᠲᠡᠵᠢᠭᠡᠯ ᠡᠪᠡᠰᠦᠨ ᠤ ᠲᠠᠰᠤᠯᠭ᠎ᠠ ᠨᠢ ᠬᠤᠷᠰᠢᠶᠠᠨ ᠤ ᠬᠦᠷᠢᠶᠡᠨ ᠳᠣᠲᠣᠷ᠎ᠠ ᠰᠦᠨᠳᠡᠷᠯᠡᠵᠦ᠂ ᠲᠡᠵᠢᠭᠡᠨ ᠦᠷᠡᠵᠢᠭᠦᠯᠬᠦ ᠬᠦᠯᠡᠮᠵᠢ ᠳᠤ ᠰᠦᠨᠳᠡᠷᠯᠡᠵᠦ᠂ ᠮᠢᠬᠠᠨ ᠤ ᠦᠬᠡᠷ ᠢᠶᠠᠨ ᠬᠢᠷᠠᠭᠤ ᠪᠠᠷ ᠵᠠᠵᠢᠯᠵᠤ᠂ ᠯᠢᠦ ᠬᠠᠢ ᠯᠢᠨ ᠶᠠᠭ ᠬᠤᠷᠰᠢ᠊ ᠡᠶ᠎ᠡ ᠶᠢᠨ ᠬᠠᠮᠢᠶᠠᠷᠤᠯᠲᠠ ᠶᠢᠨ ᠠᠵᠢᠯᠲᠠᠨ ᠲᠠᠢ ᠮᠢᠬᠠᠨ ᠤ ᠦᠬᠡᠷ ᠤᠨ ᠣᠶᠢᠷ᠎ᠠ ᠶᠢᠨ ᠬᠤᠭᠤᠴᠠᠭᠠᠨ ᠤ ᠤᠷᠭᠤᠯᠲᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠮᠢᠬᠠᠨ ᠤ ᠦᠬᠡᠷ ᠤᠨ ᠲᠡᠵᠢᠭᠡᠯ ᠪᠣᠷᠳᠤᠭ᠎ᠠ ᠬᠠᠳᠠᠭᠠᠯᠠᠵᠤ ᠪᠠᠶᠢᠭ᠎ᠠ ᠪᠠᠶᠢᠳᠠᠯ ᠢ ᠪᠠᠶᠢᠴᠠᠭᠠᠨ ᠦᠵᠡᠵᠦ ᠪᠠᠶᠢᠯ᠎ᠠ᠃    ᠠᠯᠠᠰᠢᠨ ᠦᠬᠡᠷ ᠲᠡᠵᠢᠭᠡᠨ ᠦᠷᠡᠵᠢᠭᠦᠯᠬᠦ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢᠶᠠᠨ ᠤ ᠬᠠᠮᠢᠶᠠᠷᠤᠭᠴᠢ ᠬᠤᠷᠠᠵᠠᠢ᠄ ︽ᠯᠢᠦ ᠱᠦᠵᠢ ᠪᠢᠳᠡᠨ ᠢ ᠳᠠᠭᠠᠭᠤᠯᠤᠨ ᠰᠢᠷᠠᠳᠤᠪᠤ ᠭᠠᠴᠠᠭᠠᠨ ᠤ ᠬᠤᠪᠢ ᠣᠷᠣᠭᠤᠯᠤᠭᠰᠠᠨ ᠠᠵᠤ ᠠᠬᠤᠢ ᠶᠢᠨ ᠬᠤᠷᠰᠢ᠊ ᠡᠶ᠎ᠡ ᠶᠢ ᠡᠭᠦᠳᠦᠨ ᠪᠠᠶᠢᠭᠤᠯᠵᠤ᠂ ᠬᠤᠷᠰᠢ᠊ ᠡᠶ᠎ᠡ ᠳᠤ ᠣᠳᠣ 400 ᠭᠠᠷᠤᠢ ᠦᠬᠡᠷ ᠲᠠᠢ ᠪᠠᠶᠢᠵᠤ᠂ ᠵᠢᠯ ᠪᠦᠷᠢ 150 ᠣᠷᠴᠢᠮ ᠲᠤᠭᠤᠯ ᠲᠣᠰᠴᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ 100 ᠲᠦᠮᠡᠨ ᠲᠥᠭᠦᠷᠢᠭ ᠨᠡᠮᠡᠭᠳᠡᠭᠦᠯᠬᠦ ᠶᠢᠨ ᠬᠠᠮᠲᠤ ᠪᠢᠳᠡ ᠲᠣᠰᠬᠤᠨ ᠤ ᠠᠷᠠᠳ ᠢ ᠬᠥᠯᠥᠰᠥᠯᠡᠨ ᠲᠡᠵᠢᠭᠡᠭᠴᠢ ᠶᠢᠨ ᠲᠤᠰᠢᠶᠠᠯ ᠢ ᠡᠭᠦᠷᠭᠡᠯᠡᠭᠦᠯᠵᠦ᠂ ᠨᠢᠭᠡ ᠵᠢᠯ ᠤᠨ ᠴᠠᠯᠢᠩ ᠨᠢ 18 ᠲᠦᠮᠡᠨ ᠲᠥᠭᠦᠷᠢᠭ ᠲᠤ ᠬᠦᠷᠴᠡᠢ︾ ᠭᠡᠵᠦ ᠬᠡᠯᠡᠪᠡ᠃    ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠳᠤ ᠵᠥᠪᠬᠡᠨ ᠯᠢᠦ ᠬᠠᠢ ᠯᠢᠨ ᠲᠣᠰᠬᠤᠨ ᠤ ᠠᠷᠠᠳ ᠲᠤ ᠪᠣᠳᠠᠲᠠᠢ ᠶᠠᠪᠤᠳᠠᠯ ᠬᠢᠵᠦ ᠥᠭᠭᠦᠭᠰᠡᠨ ᠬᠤᠷᠢᠶᠠᠩᠭᠤᠢ ᠳᠦᠷᠰᠦ ᠪᠣᠯᠤᠨ᠎ᠠ᠂ ᠲᠡᠷᠡ ᠪᠠᠰᠠ ᠤᠰᠤᠨ ᠲᠤᠲᠤᠷᠭ᠎ᠠ ᠶᠢᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠲᠦᠷᠦᠭᠦᠯᠡᠨ ᠪᠠᠶᠢᠭᠤᠯᠵᠤ᠂ ᠭᠠᠩ ᠤᠨ ᠲᠠᠷᠢᠶᠠᠨ ᠭᠠᠵᠠᠷ ᠲᠤ ᠥᠭᠡᠷᠡᠴᠢᠯᠡᠯᠲᠡ ᠬᠢᠵᠦ᠂ ᠭᠠᠴᠠᠭᠠᠨ ᠤ ᠥᠩᠭᠡᠷᠡᠭᠰᠡᠨ ᠤ ᠪᠦᠳᠦᠭᠦᠯᠢᠭ ᠬᠡᠯᠪᠡᠷᠢ ᠶᠢᠨ ᠲᠠᠷᠢᠮᠠᠯ ᠤᠨ ᠳᠠᠳᠬᠠᠯ ᠢ ᠥᠭᠡᠷᠡᠴᠢᠯᠡᠬᠦ ᠶᠢᠨ ᠬᠠᠮᠲᠤ ︽ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ︾ ᠪᠠᠷ ᠭᠤᠣᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠰᠦᠪᠡᠭᠴᠢᠯᠡᠵᠦ᠂ ᠣᠳᠣ ᠶᠢᠨ ᠪᠠᠶᠢᠭ᠎ᠠ ᠤᠰᠤᠨ ᠠᠰᠢᠭᠯᠠᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠤᠰᠤ ᠦᠵᠡᠰᠬᠦᠯᠡᠩ ᠬᠥᠳᠡᠭᠡ ᠲᠣᠰᠬᠤᠨ ᠢ ᠪᠣᠢ ᠪᠣᠯᠭᠠᠵᠤ᠂ ᠠᠷᠠᠳ ᠤᠨ ᠣᠷᠣᠨ ᠰᠠᠭᠤᠴᠠ᠂ ᠵᠤᠭ᠎ᠠ ᠴᠡᠩᠭᠡᠯ ᠤᠨ ᠪᠡᠯᠡᠳᠬᠡᠮᠵᠢ ᠵᠡᠷᠭᠡ ᠶᠢ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠡ᠃  ᠯᠢᠦ ᠬᠠᠢ ᠯᠢᠨ ᠤ ᠳᠠᠭᠠᠭᠤᠯᠭ᠎ᠠ ᠳᠣᠣᠷ᠎ᠠ᠂ ᠣᠳᠣ ᠶᠢᠨ ᠰᠢᠷᠠᠳᠤᠪᠤ ᠭᠠᠴᠠᠭ᠎ᠠ ᠲᠣᠰᠬᠤᠨ ᠦᠵᠡᠰᠬᠦᠯᠡᠩᠲᠦ ᠰᠠᠶᠢᠬᠠᠨ ᠪᠣᠯᠵᠣ᠂ ᠠᠵᠤ ᠦᠢᠯᠡᠰ ᠬᠦᠴᠦᠷᠬᠡᠭᠵᠢᠵᠦ᠂ ᠲᠠᠷᠢᠶᠠᠴᠢᠨ ᠪᠠᠶᠠᠵᠢᠵᠤ᠂ ᠬᠥᠳᠡᠭᠡ ᠲᠣᠰᠬᠤᠨ ᠤ ᠬᠡᠪ ᠰᠤᠷᠲᠠᠯ ᠪᠣᠯᠪᠠᠰᠤᠨ ᠪᠣᠯᠵᠤ᠂ ᠰᠢᠷᠠᠳᠤᠪᠤ ᠭᠠᠴᠠᠭ᠎ᠠ ᠤᠷᠢᠳ ᠬᠤᠵᠢᠳ ︽ᠪᠦᠬᠦ ᠤᠯᠤᠰ ᠤᠨ ᠬᠥᠳᠡᠭᠡ ᠲᠣᠰᠬᠤᠨ ᠤ ᠵᠠᠰᠠᠯᠲᠠ ᠶᠢᠨ ᠵᠢᠱᠢᠶ᠎ᠡ ᠦᠵᠡᠭᠦᠯᠬᠦ ᠲᠣᠰᠬᠤᠨ︾᠂ ︽ᠪᠦᠬᠦ ᠤᠯᠤᠰ ᠤᠨ ᠪᠣᠯᠪᠠᠰᠤᠨ ᠲᠣᠰᠬᠤᠨ ᠪᠠᠯᠭᠠᠰᠤ︾᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠡᠷᠢᠭᠦᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ︾ ᠵᠡᠷᠭᠡ ᠢᠷᠠᠭᠤ ᠠᠯᠳᠠᠷ ᠢ ᠬᠦᠷᠲᠡᠪᠡ᠃     ᠰᠢᠷᠠᠳᠤᠪᠤ ᠭᠠᠴᠠᠭᠠᠨ ᠤ ᠨᠠᠮ ᠤᠨ ᠡᠭᠦᠷ ᠤᠨ ᠱᠦᠵᠢ ᠯᠢᠦ ᠬᠠᠢ ᠯᠢᠨ ᠬᠡᠯᠡᠭᠰᠡᠨ ᠨᠢ᠄ ︽ᠪᠦᠬᠦ ᠣᠷᠣᠨ ᠤ ︿ᠰᠢᠯᠢᠳᠡᠭ ᠡᠪ ᠬᠠᠮᠲᠤ ᠨᠠᠮ ᠤᠨ ᠭᠡᠰᠢᠭᠦᠨ﹀ ᠤ ᠢᠷᠠᠭᠤ ᠠᠯᠳᠠᠷ ᠤᠨ ᠴᠣᠯᠠ ᠶᠢ ᠮᠠᠰᠢ ᠬᠦᠷᠲᠡᠵᠦ ᠪᠠᠶᠢᠨ᠎ᠠ᠃ ᠵᠠᠯᠭᠠᠭᠠᠳ᠂ ᠪᠢ ᠭᠠᠴᠠᠭᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠠᠵᠤ ᠦᠢᠯᠡᠰ ᠤᠨ ᠬᠥᠭᠵᠢᠯᠲᠡ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ︿ᠭᠠᠴᠠᠭᠠᠨ ᠤ ᠨᠠᠮ ᠤᠨ ᠡᠭᠦᠷ ᠠᠴᠠ ᠳᠠᠭᠠᠭᠤᠯᠤᠨ ᠡᠷᠬᠢᠯᠡᠬᠦ﹀ ᠬᠤᠷᠰᠢ᠊ ᠡᠶ᠎ᠡ ᠶᠢᠨ ᠡᠵᠡᠩᠨᠡᠯᠲᠡ ᠶᠢᠨ ᠵᠠᠭᠪᠤᠷ ᠪᠠ ᠬᠤᠷᠰᠢ᠊ ᠡᠶ᠎ᠡ ᠶᠢᠨ ᠰᠠᠷᠠᠪᠴᠢ ᠶᠢᠨ ᠰᠠᠭᠤᠷᠢ ᠲᠥᠬᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠡᠪᠡᠰᠦ ᠪᠣᠷᠳᠤᠭ᠎ᠠ ᠡᠳ᠋ᠰᠢᠭᠦᠯᠬᠦ ᠵᠢᠴᠢ ᠬᠠᠳᠠᠭᠠᠯᠠᠬᠤ ᠥᠪᠡᠷ ᠤᠨ ᠥᠷᠲᠡᠭ ᠢ ᠪᠠᠭᠤᠷᠠᠭᠤᠯᠵᠤ᠂ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠪᠤᠵᠠᠭᠠᠶᠢᠷᠠᠭᠤᠯᠤᠨ᠎ᠠ᠃ ᠡᠭᠦᠨ ᠤ ᠬᠠᠮᠲᠤ᠂ ︿ᠲᠠᠷᠢᠶᠠᠯᠠᠩ ᠵᠢᠭᠤᠯᠴᠢᠯᠠᠯ ᠢ ᠠᠭᠤᠰᠤᠯᠴᠠᠭᠤᠯᠬᠤ﹀ ᠪᠠᠷ ᠭᠤᠣᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠢ ᠰᠦᠪᠡᠭᠴᠢᠯᠡᠵᠦ᠂ ᠣᠳᠣ ᠶᠢᠨ ᠪᠠᠶᠢᠭ᠎ᠠ ᠤᠰᠤᠨ ᠠᠰᠢᠭᠯᠠᠯᠲᠠ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠠᠰᠢᠭᠯᠠᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠪᠦᠲᠦᠭᠡᠨ ᠪᠠᠶᠢᠭᠤᠯᠵᠤ᠂ ᠠᠷᠠᠳ ᠤᠨ ᠣᠷᠣᠨ ᠰᠠᠭᠤᠴᠠ᠂ ᠵᠤᠭ᠎ᠠ ᠴᠡᠩᠭᠡᠯ ᠤᠨ ᠪᠡᠯᠡᠳᠬᠡᠮᠵᠢ ᠵᠡᠷᠭᠡ ᠶᠢ ᠪᠦᠲᠦᠭᠡᠨ ᠪᠠᠶᠢᠭᠤᠯᠵᠤ᠂ ᠮᠠᠯᠴᠢᠨ ᠲᠠᠷᠢᠶᠠᠴᠢᠨ ᠲᠦᠮᠡᠨ ᠤ ᠣᠷᠣᠯᠭ᠎ᠠ ᠶᠢ ᠨᠡᠮᠡᠭᠳᠡᠭᠦᠯᠦᠨ᠎ᠡ︾ ᠭᠡᠵᠦ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号