ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠶᠡᠭᠡ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/4
   7 ᠰᠠᠷ᠎ᠠ ᠶᠢᠨ 3 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠯ ᠪᠥᠮᠪᠦᠭᠡ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠶᠡᠭᠡ ᠬᠤᠷᠠᠯ ᠵᠢᠴᠢ ᠭᠤᠷᠪᠠᠳᠤᠭᠠᠷ ᠬᠤᠭᠤᠴᠠᠭᠠᠨ ᠤ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠳᠤ ᠣᠷᠣᠯᠴᠠᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠬᠥᠯ ᠪᠥᠮᠪᠦᠭᠡ ᠨᠢ ᠲᠠᠲᠠᠬᠤ ᠬᠦᠴᠦᠨ ᠪᠠ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠪᠡᠶ᠎ᠡ ᠶᠢᠨ ᠲᠠᠮᠢᠷ ᠤᠨ ᠦᠢᠯᠡᠰ ᠪᠣᠯᠤᠭᠰᠠᠨ ᠤ ᠬᠤᠪᠢ ᠳᠤ᠂ ᠰᠣᠶᠣᠯ ᠪᠠ ᠵᠣᠷᠢᠭ ᠰᠠᠨᠠᠭ᠎ᠠ ᠶᠢ ᠠᠴᠢᠶᠠᠯᠠᠵᠤ᠂ ᠠᠷᠠᠳ ᠲᠦᠮᠡᠨ ᠤ ᠪᠡᠶ᠎ᠡ ᠮᠠᠬᠠᠪᠣᠳ ᠢ ᠴᠢᠭᠢᠷᠠᠭᠵᠢᠭᠤᠯᠬᠤ ᠬᠠᠷᠢᠭᠤᠴᠠᠯᠭ᠎ᠠ ᠪᠠ ᠡᠭᠦᠷᠭᠡ ᠶᠢ ᠡᠭᠦᠷᠭᠡᠯᠡᠵᠦ ᠪᠠᠶᠢᠭ᠎ᠠ ᠪᠣᠯᠬᠤᠷ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠬᠦᠷᠢᠶᠡᠨ ᠳᠤ ᠴᠢᠬᠤᠯᠠ ᠦᠢᠯᠡᠳᠦᠯ ᠦᠵᠡᠭᠦᠯᠵᠦ ᠪᠠᠶᠢᠭ᠎ᠠ ᠶᠤᠮ᠂ ᠬᠥᠯ ᠪᠥᠮᠪᠦᠭᠡ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠪᠣᠯ ᠨᠢᠭᠡ ᠤᠳᠠᠭᠠᠨ ᠤ ᠰᠢᠨ᠎ᠡ ᠡᠬᠢᠯᠡᠯᠲᠡ ᠮᠥᠨ᠂ ᠨᠡᠶᠢᠭᠡᠮᠯᠢᠭ ᠤᠨ ᠡᠯ᠎ᠡ ᠪᠦᠷᠢᠯᠳᠦᠬᠦᠨ ᠦᠢᠯᠡᠳᠦᠯ ᠢᠶᠠᠨ ᠢᠳᠡᠪᠬᠢᠲᠡᠢ ᠪᠠᠳᠠᠷᠠᠭᠤᠯᠵᠤ᠂ ᠡᠯ᠎ᠡ ᠲᠥᠷᠥᠯ ᠤᠨ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠶᠢ ᠰᠠᠨᠠᠭᠠᠴᠢᠯᠠᠭ᠎ᠠ ᠠᠴᠠ ᠪᠠᠨ ᠰᠠᠶᠢᠲᠤᠷ ᠥᠷᠨᠢᠭᠦᠯᠵᠦ᠂ ᠬᠥᠯ ᠪᠥᠮᠪᠦᠭᠡ ᠶᠢᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠂ ᠥᠷᠭᠡᠨ ᠣᠯᠠᠨ ᠠᠷᠠᠳ ᠲᠦᠮᠡᠨ ᠤ ᠬᠥᠯ ᠪᠥᠮᠪᠦᠭᠡ ᠶᠢᠨ ᠦᠢᠯᠡᠰ ᠤᠨ ᠣᠷᠭᠢᠯᠤᠮ᠎ᠠ ᠰᠡᠳᠬᠢᠯᠭᠡ ᠶᠢ ᠬᠥᠭᠵᠢᠭᠡᠬᠦ ᠬᠡᠷᠡᠭᠲᠡᠢ᠃ ᠬᠥᠯ ᠪᠥᠮᠪᠦᠭᠡ ᠶᠢᠨ ᠦᠢᠯᠡᠰ ᠲᠤ ᠡᠳ᠋ ᠤᠨ ᠵᠠᠰᠠᠭ ᠤᠨ ᠳᠡᠮᠵᠢᠯᠭᠡ ᠦᠵᠡᠭᠦᠯᠬᠦ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠪᠡᠯᠡ ᠮᠥᠩᠭᠦ ᠶᠢᠨ ᠣᠷᠣᠭᠤᠯᠤᠯᠲᠠ ᠪᠠᠨ ᠨᠡᠮᠡᠭᠳᠡᠭᠦᠯᠦᠨ᠂ ᠨᠡᠶᠢᠭᠡᠮ ᠤᠨ ᠡᠯ᠎ᠡ ᠡᠲᠡᠭᠡᠳ ᠯᠦᠭᠡ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠤᠷᠤᠯᠳᠤᠭᠠᠨ ᠤ ᠠᠵᠢᠯᠯᠠᠭ᠎ᠠ ᠶᠢᠨ ᠨᠡᠷᠡᠲᠦ ᠲᠡᠮᠳᠡᠭᠲᠦ ᠶᠢ ᠪᠣᠢ ᠪᠣᠯᠭᠠᠵᠤ᠂ ᠪᠦᠬᠦ ᠠᠷᠠᠳ ᠢᠶᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠬᠥᠯ ᠪᠥᠮᠪᠦᠭᠡ ᠪᠠᠨ ᠬᠠᠶᠢᠷᠠᠯᠠᠬᠤ ᠠᠭᠤᠷ ᠠᠮᠢᠰᠬᠤᠯ ᠢ ᠬᠥᠲᠥᠯᠥᠨ ᠵᠢᠯᠣᠭᠤᠳᠴᠤ ᠪᠣᠢ ᠪᠣᠯᠭᠠᠬᠤ ᠬᠡᠷᠡᠭᠲᠡᠢ ᠭᠡᠵᠡᠢ᠃    ᠬᠤᠷᠠᠯ ᠳᠡᠭᠡᠷ᠎ᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ︽ᠳᠦᠷᠢᠮ︾ ᠤᠨ ᠶᠡᠷᠦᠩᠬᠡᠢ ᠳᠦᠷᠢᠮ ᠳᠤ ᠵᠠᠰᠠᠪᠤᠷᠢ ᠣᠷᠣᠭᠤᠯᠬᠤ ᠳᠦᠷᠢᠮ ᠢ ᠤᠩᠰᠢᠨ ᠨᠡᠶᠢᠲᠡᠯᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠬᠤᠭᠤᠴᠠᠭ᠎ᠠ ᠰᠣᠯᠢᠬᠤ ᠶᠡᠭᠡ ᠬᠤᠷᠠᠯ ᠤᠨ ᠰᠣᠩᠭᠤᠬᠤ ᠨᠡᠷᠡᠰ ᠢ ᠤᠩᠰᠢᠨ ᠨᠡᠶᠢᠲᠡᠯᠡᠵᠦ᠂ ᠪᠦᠬᠦ ᠨᠡᠶᠢᠭᠡᠮᠯᠢᠭ ᠤᠨ ᠭᠡᠰᠢᠭᠦᠳ ᠬᠢᠨᠠᠨ ᠶᠠᠷᠢᠯᠴᠠᠵᠤ ᠪᠠᠲᠤᠯᠠᠪᠠ᠃ ᠬᠤᠷᠠᠯ ᠳᠡᠭᠡᠷ᠎ᠡ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠯ ᠪᠥᠮᠪᠦᠭᠡ ᠶᠢᠨ ᠨᠡᠶᠢᠭᠡᠮᠯᠢᠭ ᠤᠨ ᠬᠥᠯ ᠪᠥᠮᠪᠦᠭᠡ ᠶᠢᠨ ᠦᠢᠯᠡᠰ ᠤᠨ ᠬᠥᠭᠵᠢᠯᠲᠡ ᠶᠢᠨ ᠦᠨᠳᠦᠰᠦᠨ ᠪᠠᠶᠢᠳᠠᠯ ᠬᠢᠭᠡᠳ ᠳᠠᠷᠠᠭᠠᠴᠢ ᠶᠢᠨ ᠠᠯᠬᠤᠮ ᠤᠨ ᠠᠵᠢᠯ ᠤᠨ ᠲᠥᠯᠥᠪᠯᠡᠭᠡ ᠶᠢ ᠰᠣᠨᠣᠰᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号