ᠯᠢ ᠴᠢᠶᠠᠩ ᠵᠢᠶᠠᠩᠰᠦ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ ᠲᠤᠰᠬᠠᠢ ᠨᠠᠷᠢᠯᠢᠭ ᠣᠨᠴᠠ ᠰᠢᠨ᠎ᠡ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ
ᠨᠡᠶᠢᠲᠡᠯᠡᠭᠰᠡᠨ ᠴᠠᠭ᠄
2024/7/4
   ᠰᠢᠨᠬᠤᠸᠠ ᠬᠤᠷᠢᠶᠠᠨ ᠤ ᠨᠠᠨᠵᠢᠩ ᠤᠨ 7 ᠰᠠᠷ᠎ᠠ ᠶᠢᠨ 3 ᠤ ᠡᠳᠦᠷ ᠤᠨ ᠴᠠᠬᠢᠯᠭᠠᠨ ᠮᠡᠳᠡᠭᠡ  ᠳᠦᠪ ᠬᠤᠷᠢᠶᠠᠨ ᠤ ᠤᠯᠤᠰ ᠳᠦᠷᠤ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠳᠦᠷᠤ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠴᠢᠶᠠᠩ 7 ᠰᠠᠷ᠎ᠠ ᠶᠢᠨ 2 ᠠᠴᠠ 3 ᠤ ᠡᠳᠦᠷ ᠪᠣᠯᠲᠠᠯ᠎ᠠ ᠵᠢᠶᠠᠩᠰᠦ ᠶᠢᠨ ᠰᠦᠵᠧᠤ ᠳᠤ ᠪᠠᠶᠢᠴᠠᠭᠠᠨ ᠰᠤᠳᠤᠯᠤᠯᠲᠠ ᠬᠢᠪᠡ᠃ ᠲᠡᠷᠡ᠂ ᠶᠡᠷᠦᠩᠬᠡᠢ ᠱᠦᠵᠢ ᠰᠢ ᠶᠢᠨ ᠫᠢᠩ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠰᠢᠨ᠎ᠡ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠣᠯᠤᠨ ᠠᠵᠤ ᠦᠢᠯᠡᠰ ᠤᠨ ᠬᠤᠪᠢᠰᠤᠯᠲᠠ ᠶᠢᠨ ᠠᠵᠠ ᠲᠣᠬᠢᠶᠠᠯ ᠢ ᠠᠮᠵᠢᠵᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠡᠨᠧᠷᠭᠢ ᠣᠯᠭᠤᠬᠤ ᠶᠢ ᠴᠢᠩᠭᠠᠳᠬᠠᠵᠤ᠂ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠲᠤᠰᠬᠠᠢ ᠨᠠᠷᠢᠯᠢᠭ ᠣᠨᠴᠠᠭᠠᠢ ᠰᠢᠨ᠎ᠡ ᠠᠵᠤ ᠠᠬᠤᠶᠢᠯᠠᠯ ᠤᠨ ᠥᠷᠨᠢᠩᠭᠦᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    ᠯᠢ ᠴᠢᠶᠠᠩ ᠡᠩ ᠲᠡᠷᠢᠭᠦᠨ ᠳᠤ ᠰᠦᠵᠧᠦ ᠶᠢᠨ ᠾᠦᠢ ᠴᠤᠸᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠬᠦᠷᠴᠦ᠂ ᠬᠠᠮᠤᠭ ᠤᠨ ᠰᠢᠨ᠎ᠡ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ᠂ ᠦᠢᠯᠡᠳᠪᠦᠷᠢᠯᠡᠯ ᠤᠨ ᠲᠠᠰᠤᠭ ᠢ ᠲᠣᠭᠤᠷᠢᠨ ᠦᠵᠡᠵᠦ᠂ ᠠᠵᠤ ᠠᠬᠤᠶᠢᠯᠠᠯ ᠤᠨ ᠮᠠᠰᠢᠨ ᠬᠥᠮᠦᠨ ᠤ ᠤᠭᠰᠠᠷᠠᠭ᠎ᠠ ᠲᠣᠨᠤᠭ ᠪᠠ ᠮᠠᠰᠢᠨ ᠲᠡᠷᠭᠡ᠂ ᠲᠣᠨᠤᠭ ᠲᠥᠬᠦᠭᠡᠷᠦᠮᠵᠢ ᠶᠢᠨ ᠬᠦᠷᠢᠶᠡᠨ ᠳᠠᠬᠢ ᠴᠠᠬᠢᠯᠭᠠᠨ ᠮᠠᠰᠢᠨ ᠤ ᠬᠥᠳᠡᠯᠭᠡᠭᠦᠷ ᠵᠢᠴᠢ ᠡᠵᠡᠮᠳᠡᠬᠦ ᠰᠢᠰᠲ᠋ᠧᠮ ᠢ ᠰᠤᠳᠤᠯᠤᠨ ᠦᠢᠯᠡᠳᠴᠦ ᠪᠠᠶᠢᠭ᠎ᠠ ᠵᠡᠷᠭᠡ ᠪᠠᠶᠢᠳᠠᠯ ᠢ ᠣᠶᠢᠯᠠᠭᠠᠪᠠ᠃ ᠯᠢ ᠴᠢᠶᠠᠩ ᠬᠡᠯᠡᠭᠰᠡᠨ ᠨᠢ᠂ ᠳᠡᠭᠡᠳᠦ ᠳᠡᠰᠴᠢᠯᠡᠭᠰᠡᠨ᠂ ᠤᠶᠤᠨᠴᠢᠯᠠᠭᠰᠠᠨ᠂ ᠪᠣᠬᠢᠷᠲᠤᠯ ᠦᠭᠡᠢ ᠪᠣᠯᠭᠠᠬᠤ ᠪᠣᠯ ᠦᠢᠯᠡᠳᠬᠦ ᠦᠢᠯᠡᠰ ᠤᠨ ᠬᠥᠭᠵᠢᠯᠲᠡ ᠶᠢᠨ ᠴᠢᠬᠤᠯᠠ ᠴᠢᠭᠯᠡᠯ ᠪᠣᠯᠤᠨ᠎ᠠ᠂ ᠠᠵᠤ ᠠᠬᠤᠶᠢᠯᠠᠯ ᠤᠨ ᠤᠯᠤᠰ ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠬᠤ ᠶᠢ ᠦᠷᠭᠦᠯᠵᠢᠯᠡᠨ ᠵᠣᠷᠢᠭᠵᠢᠭᠤᠯᠤᠨ ᠳᠡᠮᠵᠢᠵᠦ᠂ ᠳᠡᠯᠡᠬᠡᠢ ᠶᠢᠨ ᠲᠡᠷᠢᠭᠦᠨ ᠤ ᠲᠦᠪᠰᠢᠨ ᠢ ᠬᠠᠷᠠᠭᠠᠯᠠᠵᠤ᠂ ᠭᠤᠣᠯ ᠦᠢᠯᠡᠰ ᠲᠤ ᠠᠩᠬᠠᠷᠤᠯ ᠢᠶᠠᠨ ᠲᠥᠪᠯᠡᠷᠡᠭᠦᠯᠦᠨ ᠨᠠᠷᠢᠯᠢᠭ ᠠᠷᠠᠴᠢᠯᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠳᠤ ᠲᠦᠰᠢᠭᠯᠡᠨ ᠠᠵᠤ ᠦᠢᠯᠡᠰ ᠤᠨ ᠰᠢᠨ᠎ᠡ ᠶᠢ ᠡᠭᠦᠳᠬᠦ ᠶᠢ ᠳᠠᠶᠢᠴᠢᠯᠠᠵᠤ᠂ ᠬᠥᠭᠵᠢᠯᠲᠡ ᠶᠢᠨ ᠠᠵᠠ ᠲᠣᠬᠢᠶᠠᠯ ᠢ ᠣᠯᠬᠤ ᠬᠡᠷᠡᠭᠲᠡᠢ᠃ ᠰᠧ ᠪᠢ ᡂᠢ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠳᠤ᠂ ᠯᠢ ᠴᠢᠶᠠᠩ ᠠᠵᠤ ᠠᠬᠤᠶᠢᠯᠠᠯ ᠤᠨ ᠵᠣᠬᠢᠶᠠᠮᠠᠯ ᠣᠶᠤᠨᠴᠢ ᠵᠥᠭᠡᠯᠡᠨ ᠲᠣᠨᠤᠭ᠂ ᠴᠢᠫ ᠵᠡᠷᠭᠡ ᠲᠠᠯ᠎ᠠ ᠶᠢᠨ ᠰᠤᠳᠤᠯᠤᠨ ᠨᠡᠭᠡᠭᠡᠬᠦ ᠠᠬᠢᠴᠠ ᠶᠢᠨ ᠲᠠᠨᠢᠯᠴᠠᠭᠤᠯᠭ᠎ᠠ ᠶᠢ ᠰᠣᠨᠣᠰᠴᠤ᠂ ᠮᠠᠰᠢᠨ ᠲᠡᠷᠭᠡ᠂ ᠭᠡᠷ ᠤᠨ ᠴᠠᠬᠢᠯᠭᠠᠨ ᠬᠡᠷᠡᠭᠰᠡᠯ ᠵᠡᠷᠭᠡ ᠠᠵᠢᠯ ᠲᠥᠷᠥᠯ ᠳᠤ ᠦᠢᠯᠡᠳᠬᠦᠨ ᠤ ᠰᠢᠢᠳᠪᠦᠷᠢᠯᠡᠬᠦ ᠲᠥᠰᠦᠯ ᠬᠠᠩᠭᠠᠭᠰᠠᠨ ᠪᠠᠶᠢᠳᠠᠯ ᠢ ᠣᠶᠢᠯᠠᠭᠠᠵᠤ᠂ ᠦᠭᠡ ᠬᠡᠯᠡᠨ ᠤ ᠶᠡᠭᠡ ᠵᠠᠭᠪᠤᠷ ᠮᠡᠷᠭᠡᠵᠢᠯ ᠢ ᠪᠡᠶᠡᠴᠢᠯᠡᠨ ᠣᠶᠢᠯᠠᠭᠠᠪᠠ᠃ ᠯᠢ ᠴᠢᠶᠠᠩ ᠬᠡᠯᠡᠭᠰᠡᠨ ᠨᠢ᠂ ᠲᠣᠮᠣ ᠵᠠᠭᠪᠤᠷ ᠦᠳᠲᠡᠷ ᠲᠦᠷᠭᠡᠨ ᠬᠥᠭᠵᠢᠵᠦ᠂ ᠶᠠᠭ ᠰᠤᠳᠤᠯᠤᠨ ᠨᠡᠭᠡᠭᠡᠬᠦ ᠵᠢᠷᠤᠭ ᠲᠥᠯᠥᠪᠯᠡᠭᠡ ᠪᠣᠯᠤᠨ ᠦᠢᠯᠡᠳᠬᠦ ᠠᠷᠭ᠎ᠠ ᠶᠢᠨ ᠨᠤᠷᠠᠭᠠᠯᠲᠠ ᠶᠢᠨ ᠴᠢᠨᠠᠷᠲᠠᠢ ᠬᠤᠪᠢᠰᠤᠯᠲᠠ ᠭᠠᠷᠴᠤ ᠪᠠᠶᠢᠨ᠎ᠠ᠃ ᠮᠠᠨ ᠤ ᠤᠯᠤᠰ ᠤᠨ ᠵᠠᠬ᠎ᠠ ᠳᠡᠯᠭᠡᠭᠦᠷ ᠤᠨ ᠬᠡᠪᠴᠢᠶ᠎ᠡ ᠪᠠᠷ ᠶᠡᠭᠡ᠂ ᠬᠡᠷᠡᠭᠴᠡᠭᠡ ᠶᠢᠨ ᠳᠡᠰ ᠳᠠᠪᠬᠤᠷᠭ᠎ᠠ ᠣᠯᠠᠨ᠂ ᠬᠡᠷᠡᠭᠯᠡᠭᠡᠨ ᠤ ᠠᠬᠤᠢ ᠪᠠᠶᠢᠳᠠᠯ ᠡᠯᠪᠡᠭ ᠪᠠᠶᠠᠯᠢᠭ ᠵᠡᠷᠭᠡ ᠳᠠᠪᠠᠭᠤᠯᠢᠭ ᠢ ᠪᠠᠳᠠᠷᠠᠭᠤᠯᠵᠤ᠂ ᠡᠯ᠎ᠡ ᠠᠵᠢᠯ ᠲᠥᠷᠥᠯ ᠡᠯ᠎ᠡ ᠬᠦᠷᠢᠶᠡᠨ ᠳᠤ ᠬᠠᠨᠳᠤᠭᠤᠯᠤᠭᠰᠠᠨ ᠡᠭᠴᠡ ᠬᠡᠷᠡᠭᠯᠡᠯᠲᠡ ᠶᠢ ᠬᠦᠴᠦᠯᠡᠨ ᠠᠬᠢᠭᠤᠯᠵᠤ᠂ ᠵᠣᠬᠢᠶᠠᠮᠠᠯ ᠣᠶᠤᠨ ᠴᠢᠳᠠᠪᠤᠷᠢ ᠬᠢᠭᠡᠳ ᠪᠣᠳᠠᠲᠤ ᠴᠣᠭᠴᠠ ᠶᠢᠨ ᠠᠵᠤ ᠠᠬᠤᠢ ᠶᠢᠨ ᠭᠦᠨᠵᠡᠭᠡᠢ ᠠᠭᠤᠰᠤᠯᠴᠠᠯ ᠢ ᠠᠬᠢᠭᠤᠯᠵᠤ᠂ ᠣᠶᠤᠨᠴᠢ ᠠᠵᠤ ᠦᠢᠯᠡᠰ ᠢ ᠲᠦᠷᠭᠡᠳᠬᠡᠨ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ᠃     ᠪᠠᠶᠢᠴᠠᠭᠠᠨ ᠰᠤᠳᠤᠯᠤᠯᠲᠠ ᠶᠢᠨ ᠳᠤᠮᠳᠠ᠂ ᠯᠢ ᠴᠢᠶᠠᠩ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠵᠢᠶᠠᠩᠰᠦ ᠮᠤᠵᠢ ᠪᠠ ᠬᠡᠰᠡᠭ ᠠᠵᠤ ᠠᠬᠤᠶᠢᠯᠠᠯ ᠤᠨ ᠬᠠᠷᠢᠭᠤᠴᠠᠯᠭᠠᠲᠠᠨ ᠤ ᠶᠠᠷᠢᠶ᠎ᠠ ᠶᠢ ᠰᠣᠨᠣᠰᠤᠭᠰᠠᠨ ᠤ ᠳᠠᠷᠠᠭ᠎ᠠ᠂ ᠯᠢ ᠴᠢᠶᠠᠩ ᠵᠢᠭᠠᠵᠤ ᠭᠠᠷᠭᠠᠭᠰᠠᠨ ᠨᠢ᠂ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠬᠤᠪᠢᠷᠠᠯᠲᠠ ᠨᠢ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠪᠠ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠪᠦᠬᠦ ᠲᠠᠯ᠎ᠠ ᠳᠤ ᠬᠤᠯᠪᠣᠭᠳᠠᠵᠤ ᠪᠠᠶᠢᠭ᠎ᠠ ᠪᠣᠯᠬᠤᠷ ᠡᠷᠬᠡᠪᠰᠢ ᠦᠢᠯᠡᠳᠬᠦ ᠦᠢᠯᠡᠰ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠴᠢᠬᠤᠯᠠ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠲᠤᠷ ᠠᠳᠬᠤᠬᠤ ᠬᠡᠷᠡᠭᠲᠡᠢ᠃ ᠬᠠᠩᠭᠠᠯᠭ᠎ᠠ ᠬᠡᠷᠡᠭᠴᠡᠭᠡ ᠶᠢᠨ ᠬᠤᠣᠰ ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ᠬᠡᠷᠡᠭᠴᠡᠭᠡ ᠶᠢᠨ ᠲᠠᠯ᠎ᠠ ᠳᠤ ᠨᠡᠶᠢᠲᠡᠴᠢ ᠴᠢᠨᠠᠷᠲᠠᠢ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠦᠨ ᠬᠡᠯᠪᠡᠷᠢ ᠪᠠᠨ ᠬᠤᠪᠢᠷᠠᠭᠤᠯᠬᠤ ᠭᠠᠷᠳᠠᠬᠤ ᠴᠡᠭ ᠢ ᠣᠨᠣᠪᠴᠢᠲᠠᠢ ᠣᠯᠵᠤ᠂ ᠬᠠᠩᠭᠠᠯᠭ᠎ᠠ ᠶᠢᠨ ᠲᠠᠯ᠎ᠠ ᠪᠠᠷ ᠲᠤᠰᠬᠠᠶᠢᠵᠢᠭᠰᠠᠨ ᠦᠢᠯᠡᠴᠢᠯᠡᠭᠡᠨ ᠤ ᠬᠤᠳᠠᠯᠳᠤᠭᠠᠴᠢᠨ ᠢ ᠶᠡᠭᠡ ᠪᠠᠷ ᠪᠤᠶᠢᠵᠢᠭᠤᠯᠬᠤ ᠬᠡᠷᠡᠭᠲᠡᠢ᠃ ᠵᠣᠬᠢᠶᠠᠮᠠᠯ ᠣᠶᠤᠨ ᠴᠢᠳᠠᠪᠤᠷᠢ ᠪᠠᠷ ᠡᠨᠧᠷᠭᠢ ᠣᠯᠭᠤᠬᠤ ᠶᠢ ᠭᠦᠨᠵᠡᠭᠡᠢ ᠠᠬᠢᠭᠤᠯᠵᠤ᠂ ᠲᠥᠬᠦᠭᠡᠷᠦᠮᠵᠢ ᠶᠢᠨ ᠲᠣᠭᠠᠴᠢᠯᠠᠯᠲᠠ ᠶᠢ ᠲᠦᠭᠡᠮᠡᠯᠵᠢᠭᠦᠯᠬᠦ ᠶᠢ ᠲᠦᠷᠭᠡᠳᠬᠡᠵᠦ᠂ ︽ᠵᠣᠬᠢᠶᠠᠮᠠᠯ ᠣᠶᠤᠨ ᠴᠢᠳᠠᠪᠤᠷᠢ︾ ᠦᠢᠯᠡᠳᠬᠦ ᠦᠢᠯᠡᠰ ᠢ ᠶᠡᠬᠡᠪᠡᠷ ᠠᠬᠢᠭᠤᠯᠬᠤ ᠬᠡᠷᠡᠭᠲᠡᠢ᠃ ᠠᠵᠤ ᠠᠬᠤᠶᠢᠯᠠᠯ ᠤᠨ ᠭᠤᠣᠯ ᠴᠣᠭᠴᠠ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠤᠮᠦ ᠠᠵᠤ ᠠᠬᠤᠶᠢᠯᠠᠯ ᠤᠨ ᠤᠷᠢᠳᠠᠪᠠᠷ ᠬᠡᠯᠪᠡᠷᠢ ᠪᠠᠨ ᠬᠤᠪᠢᠷᠠᠭᠤᠯᠬᠤ᠂ ᠬᠥᠲᠥᠯᠥᠨ ᠳᠠᠭᠠᠭᠤᠯᠬᠤ ᠶᠢ ᠵᠣᠷᠢᠭᠵᠢᠭᠤᠯᠵᠤ᠂ ᠳᠤᠮᠳᠠ ᠪᠠᠭ᠎ᠠ ᠠᠵᠤ ᠠᠬᠤᠶᠢᠯᠠᠯ ᠤᠨ ︽ᠡᠭᠦᠯᠡᠨ ᠪᠣᠳᠣᠯᠲᠠ ᠶᠢᠨ ᠲᠤᠭ᠎ᠠ ᠪᠠᠷᠢᠮᠲᠠ ᠪᠠᠷ ᠣᠶᠤᠨ ᠤᠬᠠᠭᠠᠨ ᠣᠯᠭᠤᠬᠤ︾ ᠶᠢ ᠳᠡᠮᠵᠢᠬᠦ ᠬᠡᠷᠡᠭᠲᠡᠢ᠃ ᠵᠠᠩᠭᠢᠯᠠᠭ᠎ᠠ ᠶᠢᠨ ᠭᠤᠣᠯᠯᠠᠬᠤ ᠮᠡᠷᠭᠡᠵᠢᠯ ᠤᠨ ᠪᠣᠭᠤᠮᠲᠠ ᠰᠢᠪᠲᠤᠯᠤᠯᠲᠠ ᠪᠠ ᠲᠣᠭᠠᠴᠢᠯᠠᠭᠰᠠᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠡᠯᠪᠡᠷᠢ ᠪᠠᠨ ᠬᠤᠪᠢᠷᠠᠭᠤᠯᠬᠤ ᠰᠠᠭᠤᠷᠢ ᠰᠠᠭᠤᠷᠢ ᠶᠢ ᠪᠠᠲᠤ ᠴᠣᠭᠴᠠᠯᠠᠬᠤ ᠬᠡᠷᠡᠭᠲᠡᠢ᠃ ᠯᠢ ᠴᠢᠶᠠᠩ ᠬᠡᠯᠡᠬᠦ ᠳᠡᠭᠡᠨ᠂ ᠲᠤᠰᠬᠠᠶᠢᠵᠢᠭᠰᠠᠨ ᠨᠠᠷᠢᠯᠢᠭᠵᠢᠭᠤᠯᠤᠭᠰᠠᠨ ᠣᠨᠴᠠᠭᠠᠢ ᠰᠢᠨ᠎ᠡ ᠠᠵᠤ ᠠᠬᠤᠶᠢᠯᠠᠯ᠂ ︽ᠵᠢᠵᠢᠭ ᠠᠪᠤᠷᠭᠤ︾ ᠠᠵᠤ ᠠᠬᠤᠶᠢᠯᠠᠯ ᠪᠣᠯ ᠦᠢᠯᠡᠳᠬᠦ ᠦᠢᠯᠡᠰ ᠤᠨ ᠲᠣᠭᠠᠴᠢᠯᠠᠭᠰᠠᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ᠂ ᠰᠢᠨ᠎ᠡ ᠶᠠᠰᠤ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠬᠦ ᠴᠢᠬᠤᠯᠠ ᠬᠦᠴᠦᠨ ᠮᠥᠨ᠂ ᠣᠯᠠᠨ ᠢᠶᠠᠷ ᠢᠶᠠᠨ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ᠂ ᠳᠡᠯᠡᠬᠡᠢ ᠶᠢᠨ ᠬᠠᠷᠠᠭᠠᠰᠤ ᠠᠴᠠ ᠪᠣᠢ ᠪᠣᠯᠭᠠᠵᠤ᠂ ᠰᠢᠯᠢᠳᠡᠭ ᠠᠵᠤ ᠠᠬᠤᠶᠢᠯᠠᠯᠲᠠᠨ ᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠤᠯᠠᠮ ᠨᠢᠭᠡ ᠠᠯᠬᠤᠮ ᠥᠷᠨᠢᠨ ᠬᠥᠭᠵᠢᠵᠦ᠂ ᠦᠰᠦᠨ ᠪᠤᠶᠢᠵᠢᠵᠤ ᠪᠤᠵᠠᠭᠠᠶᠢᠷᠠᠭᠰᠠᠨ ᠠᠮᠢᠳᠤᠯᠢᠭ ᠪᠠᠶᠢᠳᠠᠯ ᠢ ᠪᠦᠷᠢᠯᠳᠦᠭᠦᠯᠬᠦ ᠶᠢ ᠬᠦᠰᠡᠵᠦ ᠪᠠᠶᠢᠨ᠎ᠠ ᠭᠡᠵᠡᠢ᠃ ᠡᠯ᠎ᠡ ᠱᠠᠲᠤᠨ ᠤ ᠵᠠᠰᠠᠭ ᠤᠨ ᠣᠷᠳᠣᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠᠨ ᠴᠢᠩᠭᠠᠳᠬᠠᠵᠤ᠂ ᠰᠠᠶᠢᠨ ᠰᠠᠶᠢᠬᠠᠨ ᠣᠷᠴᠢᠨ ᠨᠥᠬᠦᠴᠡᠯ ᠢ ᠪᠣᠢ ᠪᠣᠯᠭᠠᠵᠤ᠂ ᠱᠠᠲᠤᠴᠠ ᠶᠢᠨ ᠪᠤᠶᠢᠵᠢᠭᠤᠯᠤᠯᠲᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠣᠯᠠᠨ ᠳᠤᠮᠳᠠ ᠪᠠᠭ᠎ᠠ ᠠᠵᠤ ᠠᠬᠤᠶᠢᠯᠠᠯ ᠢ ᠴᠣᠯᠭᠤᠷᠠᠨ ᠭᠠᠷᠭᠠᠵᠤ᠂ ︽ᠲᠠᠯᠳᠠ ᠮᠠᠩᠯᠠᠶᠢᠯᠠᠭᠴᠢ︾᠂ ︽ᠭᠠᠭᠴᠠ ᠡᠪᠡᠷᠲᠦ ᠠᠷᠢᠶᠠᠲᠠᠨ︾ ᠠᠵᠤ ᠠᠬᠤᠶᠢᠯᠠᠯ ᠪᠣᠯᠭᠠᠨ ᠪᠤᠶᠢᠵᠢᠭᠤᠯᠬᠤ ᠬᠡᠷᠡᠭᠲᠡᠢ᠃    ᠯᠢ ᠴᠢᠶᠠᠩ ᠵᠢᠶᠠᠩᠰᠦ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠠᠮᠵᠢᠯᠲᠠ ᠶᠢ ᠭᠦᠢᠴᠡᠳ ᠨᠤᠲᠠᠯᠠᠵᠤ᠂ ᠵᠢᠶᠠᠩᠰᠦ ᠶᠢᠨ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠦ ᠶᠢᠨ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠠᠪᠠᠭᠤᠯᠢᠭ ᠢᠶᠠᠨ ᠪᠠᠳᠠᠷᠠᠭᠤᠯᠤᠨ᠂ ᠡᠷᠡᠰ ᠰᠢᠭᠤᠷᠬᠠᠢ ᠪᠠᠷ ᠰᠢᠨ᠎ᠡ ᠶᠢ ᠡᠭᠦᠳᠴᠦ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠪᠠᠶᠢᠭᠤᠯᠬᠤ ᠲᠠᠯ᠎ᠠ ᠪᠠᠷ ᠭᠤᠣᠯ ᠡᠭᠦᠷᠭᠡ ᠡᠭᠦᠷᠭᠡᠯᠡᠵᠦ᠂ ᠡᠮᠦᠨ᠎ᠡ ᠨᠢ ᠶᠠᠪᠤᠵᠤ᠂ ᠵᠢᠱᠢᠶ᠎ᠡ ᠦᠵᠡᠭᠦᠯᠬᠦ ᠶᠢ ᠬᠦᠰᠡᠪᠡ᠃    ᠡᠦ ᠵᠧᠩ ᠯᠦᠩ ᠪᠠᠷ᠎ᠠ ᠪᠣᠯᠵᠤ ᠪᠠᠶᠢᠴᠠᠭᠠᠨ ᠰᠤᠳᠤᠯᠤᠯᠲᠠ ᠬᠢᠪᠡ᠃
 
ᠢᠷᠡᠯᠲᠡ᠄ ᠳᠤᠮᠳᠠᠳᠤ ᠤᠯᠤᠰ ᠤᠨ ᠵᠠᠰᠠᠭ ᠤᠨ ᠤᠷᠳᠤᠨ ᠤ ᠰᠦᠯᠵᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号