ᠲᠦᠯᠢᠶᠡᠮᠤᠳᠤ ᠪᠠᠯᠭᠠᠰᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/5
   ᠲᠠᠷᠢᠶᠠᠯᠠᠬᠤ ᠮᠠᠯᠵᠢᠬᠤ ᠣᠷᠣᠨ ᠤ ᠬᠠᠮᠲᠤ ᠶᠢᠨ ᠡᠳ᠋ ᠬᠥᠷᠥᠩᠭᠡ᠂ ᠪᠡᠯᠡ ᠮᠥᠩᠭᠦ᠂ ᠡᠬᠢ ᠪᠠᠶᠠᠯᠢᠭ ᠤᠨ ᠵᠢᠷᠤᠮᠵᠢᠭᠰᠠᠨ ᠬᠠᠮᠢᠶᠠᠷᠤᠯᠲᠠ ᠶᠢ ᠦᠨᠡᠨᠬᠦ ᠴᠢᠩᠬᠠᠳᠬᠠᠬᠤ ᠬᠡᠷᠡᠭᠲᠡᠢ᠃ 7 ᠰᠠᠷ᠎ᠠ ᠶᠢᠨ 4 ᠤ ᠡᠳᠦᠷ᠂ ᠲᠦᠯᠢᠶᠡᠮᠤᠳᠤ ᠪᠠᠯᠭᠠᠰᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠴᠧᠨ ᠰᠢᠶᠣᠤ ᠯᠢᠶᠠᠩ ᠡᠷᠭᠢᠯᠡᠵᠦ᠂ ᠬᠠᠮᠢᠶ᠎ᠠ ᠪᠦᠬᠦᠢ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠱᠦᠵᠢ ᠣᠷᠣᠯᠴᠠᠵᠠᠢ᠃    ᠬᠤᠷᠠᠯ ᠠᠴᠠ ᠪᠦᠬᠦ ᠪᠠᠯᠭᠠᠰᠤᠨ ᠤ ︽ᠭᠤᠷᠪᠠᠨ ᠪᠡᠯᠡ︾ ᠶᠢᠨ ᠬᠠᠮᠢᠶᠠᠷᠤᠯᠲᠠ ᠳᠤ ᠣᠷᠣᠰᠢᠵᠤ ᠪᠠᠶᠢᠭ᠎ᠠ ᠠᠰᠠᠭᠤᠳᠠᠯ ᠢ ᠵᠠᠷᠯᠠᠨ ᠮᠡᠳᠡᠭᠳᠡᠭᠰᠡᠨ ᠪᠥᠭᠡᠳ ᠪᠦᠬᠦ ᠪᠠᠯᠭᠠᠰᠤᠨ ᠤ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠵᠦ᠂ ᠴᠡᠭᠴᠡᠯᠡᠨ ᠵᠠᠰᠠᠬᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠪᠠᠲᠤᠯᠠᠪᠠ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠪᠡᠯᠡ ᠮᠥᠩᠭᠦ᠂ ᠡᠳ᠋ ᠬᠥᠷᠥᠩᠭᠡ᠂ ᠡᠬᠢ ᠪᠠᠶᠠᠯᠢᠭ ᠤᠨ ᠬᠠᠮᠢᠶᠠᠷᠤᠯᠲᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠡᠯ᠎ᠡ ᠵᠦᠢᠯ ᠤᠨ ᠠᠵᠢᠯ ᠢ ᠨᠠᠷᠢᠨ ᠨᠠᠶᠢᠳᠠᠪᠤᠷᠢᠵᠢᠭᠤᠯᠬᠤ ᠬᠡᠷᠡᠭᠲᠡᠢ ᠃ ᠬᠤᠶᠠᠷ ᠲᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠬᠤ ᠬᠡᠷᠡᠭᠲᠡᠢ᠃ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠡᠭᠦᠷᠭᠡ ᠴᠢᠳᠠᠪᠬᠢ ᠶᠢᠨ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠭᠠᠴᠠᠭᠠᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ ᠶᠢᠨ ᠠᠵᠢᠯ ᠢ ᠬᠢᠨᠠᠮᠠᠭᠠᠢ ᠰᠠᠶᠢᠲᠤᠷ ᠠᠳᠬᠤᠬᠤ ᠬᠡᠷᠡᠭᠲᠡᠢ᠃ ᠭᠤᠷᠪᠠ ᠳᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠬᠡᠷᠡᠭᠲᠡᠢ᠃ ᠵᠢᠭᠰᠠᠭᠠᠨ ᠪᠠᠶᠢᠴᠠᠭᠠᠬᠤ ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠱᠠᠭᠠᠷᠳᠠᠯᠭ᠎ᠠ ᠶᠣᠰᠣᠭᠠᠷ ᠴᠠᠭ ᠲᠤᠬᠠᠢ ᠳᠤᠨᠢ ᠴᠡᠭᠴᠡᠯᠡᠨ ᠰᠠᠶᠢᠵᠢᠷᠠᠭᠤᠯᠵᠤ᠂ ᠳᠠᠩᠰᠠ ᠡᠪᠬᠡᠮᠡᠯ ᠢ ᠲᠡᠭᠦᠯᠳᠡᠷᠵᠢᠭᠦᠯᠬᠦ ᠶᠢᠨ ᠬᠠᠮᠲᠤ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠪᠣᠳᠠᠲᠠᠢ ᠪᠠᠷ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号