︽ᠦᠨᠡᠨᠴᠢ︾ ᠪᠠᠷ ︽ᠢᠲᠡᠭᠡᠮᠵᠢ︾ ᠶᠢ ᠰᠣᠯᠢᠵᠤ ᠦᠨᠡᠨᠴᠢ ᠢᠲᠡᠭᠡᠮᠵᠢ ᠲᠠᠢ ᠴᠣᠩᠬᠤ ᠨᠢ ᠠᠷᠠᠳ ᠣᠯᠠᠨ ᠤ ᠰᠡᠳᠬᠢᠯ ᠳᠤ ᠬᠠᠳᠠᠩᠰᠢᠭᠤᠯᠪᠠ
ᠨᠡᠶᠢᠲᠡᠯᠡᠭᠰᠡᠨ ᠴᠠᠭ᠄
2024/7/5
   ᠣᠶᠢᠷ᠎ᠠ ᠳᠤ᠂ ᠳᠤᠮᠳᠠᠳᠤ ᠤᠯᠤᠰ ᠤᠨ ᠳ᠋ᠠ ᠳ᠋ᠢ ᠡᠳ᠋ ᠬᠥᠷᠥᠩᠭᠡ ᠶᠢᠨ ᠳᠠᠭᠠᠳᠬᠠᠯ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠠᠯᠪᠤᠷᠢ ᠺᠣᠮᠫᠠᠨᠢ ᠶᠢᠨ ᠬᠠᠷᠢᠭᠤᠴᠠᠯᠭᠠᠲᠠᠨ ᠤ ᠦ᠋ ᠵᠢᠶᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠫᠠᠶᠢᠰᠠ ᠢᠯᠡᠷᠬᠡᠶᠢᠯᠡᠯ ᠤᠨ ᠵᠠᠰᠠᠭ ᠵᠠᠬᠢᠷᠭᠠᠨ ᠤ ᠵᠥᠪᠰᠢᠶᠡᠷᠡᠯ ᠢ ᠡᠯᠭᠦᠵᠦ᠂ ᠬᠢᠨᠠᠨ ᠬᠠᠷᠭᠤᠭᠤᠯᠬᠤ ᠳᠤᠮᠳᠠ ᠭᠤᠶᠤᠴᠢᠯᠠᠯ ᠤᠨ ᠮᠠᠲ᠋ᠧᠷᠢᠶᠠᠯ ᠳᠠᠬᠢ ᠡᠵᠡᠩᠨᠡᠯᠲᠡ ᠶᠢᠨ ᠦᠨᠡᠮᠯᠡᠯ ᠤᠨ ᠬᠠᠶ᠋ᠢᠭ ᠨᠢ ᠫᠠᠶᠢᠰᠠ ᠢᠯᠡᠷᠬᠡᠶᠢᠯᠡᠯ ᠤᠨ ᠬᠠᠶ᠋ᠢᠭ ᠲᠠᠢ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡ᠃ ᠲᠤᠰ ᠠᠵᠤ ᠠᠬᠤᠶᠢᠯᠠᠯ ᠤᠨ ᠦᠨᠡᠨᠴᠢ ᠢᠲᠡᠭᠡᠮᠵᠢ ᠶᠢᠨ ᠪᠠᠶᠢᠳᠠᠯ ᠰᠠᠶᠢᠨ ᠪᠣᠯᠬᠤᠷ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠴᠣᠩᠬᠤᠪᠴᠢ ᠶᠢᠨ ᠠᠵᠢᠯᠲᠠᠳ ᠲᠡᠭᠦᠨ ᠳᠤ ︽ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ︾ ᠭᠤᠶᠤᠴᠢᠯᠠᠯ ᠭᠠᠷᠭᠠᠵᠤ᠂ ᠤᠷᠢᠳᠠᠪᠠᠷ ᠬᠢᠨᠠᠨ ᠵᠥᠪᠰᠢᠶᠡᠷᠡᠭᠦᠯᠬᠦ ᠡᠨᠡᠬᠦ ᠠᠵᠤ ᠠᠬᠤᠶᠢᠯᠠᠯ ᠤᠨ ᠰᠡᠳᠬᠢᠯ ᠢ ᠳᠤᠯᠠᠭᠠᠴᠠᠭᠤᠯᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠨᠡ ᠬᠦ ᠬᠢᠨᠠᠨ ᠵᠥᠪᠰᠢᠶᠡᠷᠡᠬᠦ ᠲᠣᠭᠲᠠᠴᠠ ᠶᠢ ᠶᠢᠨ ᠡᠤ ᠵᠢᠶᠠᠩ ᠮᠠᠭᠲᠠᠭᠰᠠᠨ ᠪᠠᠶᠢᠨ᠎ᠠ᠃    ︽ᠥᠨᠥᠳᠦᠷ ᠢᠷᠡᠵᠦ ᠲᠤᠬᠠᠶᠢᠯᠠᠭᠰᠠᠨ ᠠᠵᠢᠯ ᠭᠦᠢᠴᠡᠳᠬᠡᠬᠦ ᠮᠠᠲ᠋ᠧᠷᠢᠶᠠᠯ ᠪᠦᠷᠢᠨ ᠪᠤᠰᠤ᠂ ᠪᠠᠰᠠ ᠬᠡᠳᠦᠨ ᠤᠳᠠᠭ᠎ᠠ ᠬᠦᠢ ᠦ ᠪᠡᠯ ᠰᠠᠶ᠋ᠢ ᠪᠦᠲᠦᠭᠡᠵᠦ ᠴᠢᠳᠠᠨ᠎ᠠ ᠭᠡᠵᠦ ᠪᠣᠳᠣᠵᠤ ᠪᠠᠶᠢᠨ᠎ᠠ᠃ ᠡᠨᠡ ᠤᠳᠠᠭᠠᠨ ᠤ ᠴᠣᠩᠬᠤᠪᠴᠢ ᠨᠢ ᠨᠠᠳᠠ ᠳᠤ ︿ᠳᠤᠲᠠᠭᠤ ᠶᠢ ᠨᠢ ᠪᠠᠭᠲᠠᠭᠠᠵᠤ ᠬᠦᠯᠢᠶᠡᠨ ᠠᠪᠴᠤ ᠰᠢᠢᠳᠪᠦᠷᠢᠯᠡᠬᠦ﹀ ᠶᠢ ᠭᠤᠶᠤᠴᠢᠯᠠᠵᠤ᠂ ᠳᠤᠲᠠᠭᠳᠠᠵᠤ ᠪᠠᠶᠢᠭ᠎ᠠ ᠭᠠᠷᠳᠠᠮ ᠢ ᠦᠷᠭᠦᠯᠵᠢᠯᠡᠨ ᠨᠥᠬᠦᠪᠥᠷᠢᠯᠡᠵᠦ᠂ ᠪᠠᠭ᠎ᠠ ᠪᠤᠰᠤ ᠤᠴᠢᠷ ᠠᠷᠪᠢᠯᠠᠪᠠ︾ ᠭᠡᠵᠦ ᠶᠢᠨ ᠡᠤ ᠵᠢᠶᠠᠩ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠴᠣᠩᠬᠤᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠤ ᠠᠬᠤᠶᠢᠯᠠᠯ ᠤᠨ ᠦᠢᠯᠡᠴᠢᠯᠡᠭᠡᠨ ᠤ ᠲᠤᠰᠬᠠᠢ ᠲᠣᠭᠤᠷᠢᠭ ᠢ ᠪᠠᠶᠢᠭᠤᠯᠵᠤ᠂ ︽ᠦᠨᠡᠨᠴᠢ︾ ᠪᠠᠷ ︽ᠢᠲᠡᠭᠡᠮᠵᠢ︾ ᠶᠢ ᠰᠣᠯᠢᠵᠤ᠂ ︽ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ︾ ᠢᠲᠡᠭᠡᠮᠵᠢᠲᠡᠢ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠬᠡᠷᠡᠭᠵᠢᠭᠦᠯᠪᠡ᠃ ᠣᠳᠣᠬᠠᠨ ᠪᠣᠯᠲᠠᠯ᠎ᠠ᠂ 18 ᠵᠦᠢᠯ ᠤᠨ ︽ᠳᠤᠲᠠᠭᠤ ᠶᠢ ᠬᠦᠯᠢᠶᠡᠨ ᠠᠪᠴᠤ ᠰᠢᠢᠳᠪᠦᠷᠢᠯᠡᠬᠦ︾ ᠵᠦᠢᠯᠡᠰ ᠢ ᠭᠦᠢᠴᠡᠳᠬᠡᠵᠦ᠂ ᠭᠤᠣᠯᠳᠠᠯᠭ᠎ᠠ ᠲᠠᠢ ᠲᠥᠷᠥᠯ ᠵᠦᠢᠯ ᠳᠤ ᠬᠠᠪᠰᠤᠷᠤᠨ ᠭᠦᠢᠴᠡᠳᠬᠡᠵᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ 10 ᠤᠳᠠᠭ᠎ᠠ ᠬᠠᠩᠭᠠᠵᠤ᠂ ᠰᠢᠢᠳᠪᠦᠷᠢᠯᠡᠵᠦ ᠳᠠᠭᠤᠰᠬᠠᠭᠰᠠᠨ ᠨᠣᠷᠮ᠎ᠠ ᠨᠢ 100 % ᠳᠤ ᠬᠦᠷᠴᠦ᠂ ︽ᠠᠵᠢᠯ ᠶᠠᠪᠤᠳᠠᠯ ᠭᠦᠢᠴᠡᠳᠬᠡᠬᠦ ᠳᠤ ᠣᠯᠠᠨ ᠤᠳᠠᠭ᠎ᠠ ᠭᠦᠶᠦᠬᠦ︾ ᠬᠦᠴᠢᠷ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠵᠦ᠂ ᠢᠲᠡᠭᠡᠮᠵᠢ ᠲᠠᠢ ᠬᠥᠮᠦᠰ ᠲᠤ ᠠᠵᠢᠯ ᠶᠠᠪᠤᠳᠠᠯ ᠭᠦᠢᠴᠡᠳᠬᠡᠬᠦ ᠨᠡᠩ ᠳᠥᠭᠦᠮ ᠳᠥᠲᠡ ᠦᠢᠯᠡᠴᠢᠯᠡᠭᠡ ᠬᠦᠷᠲᠡᠭᠡᠵᠦ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠳᠤ ᠬᠦᠴᠦᠨ ᠨᠡᠮᠡᠷᠢᠯᠡᠪᠡ᠃    ︽ᠥᠩᠭᠡᠷᠡᠭᠰᠡᠨ ᠳᠤ ᠠᠵᠢᠯ ᠶᠠᠪᠤᠳᠠᠯ ᠭᠦᠢᠴᠡᠳᠬᠡᠬᠦ ᠠᠵᠢᠯᠲᠠᠨ ᠵᠥᠪᠬᠡᠨ ᠪᠤᠢ ᠪᠦᠬᠦᠢ ᠮᠠᠲ᠋ᠧᠷᠢᠶᠠᠯ ᠢᠶᠠᠨ ᠪᠦᠷᠢᠨ ᠭᠦᠢᠴᠡᠳ ᠪᠡᠯᠡᠳᠬᠡᠭᠰᠡᠨ ᠤ ᠳᠠᠷᠠᠭ᠎ᠠ ᠰᠠᠶ᠋ᠢ ᠲᠤᠰ ᠤᠴᠢᠷ ᠶᠠᠪᠤᠳᠠᠯ ᠢ ᠰᠢᠢᠳᠪᠦᠷᠢᠯᠡᠵᠦ ᠪᠣᠯᠤᠨ᠎ᠠ᠂ ᠠᠵᠤ ᠠᠬᠤᠶᠢᠯᠠᠯ ᠢᠲᠡᠭᠡᠮᠵᠢ ᠶᠢᠨ ᠮᠡᠳᠡᠭᠡ ᠵᠠᠩᠭᠢ ᠶᠢ ᠪᠠᠶᠢᠴᠠᠭᠠᠨ ᠯᠠᠪᠯᠠᠪᠠᠯ ᠮᠠᠰᠢ ᠰᠠᠶᠢᠨ ᠪᠠᠶᠢᠳᠠᠯ ᠳᠣᠣᠷ᠎ᠠ᠂ ︿ᠳᠤᠲᠠᠭᠤ ᠶᠢ ᠠᠭᠤᠴᠢᠯᠠᠨ ᠬᠦᠯᠢᠶᠡᠨ ᠠᠪᠬᠤ﹀ ᠠᠵᠢᠯ ᠬᠢᠵᠦ ᠪᠣᠯᠤᠨ᠎ᠠ᠂ ᠬᠡᠰᠡᠭ ᠮᠠᠲ᠋ᠧᠷᠢᠶᠠᠯ ᠳᠤᠲᠠᠭᠳᠠᠬᠤ ᠦᠶ᠎ᠡ ᠳᠤ ᠰᠢᠢᠳᠪᠦᠷᠢᠯᠡᠵᠦ ᠪᠣᠯᠤᠨ᠎ᠠ᠃ ᠬᠢᠨᠠᠨ ᠵᠥᠪᠰᠢᠶᠡᠷᠡᠬᠦ ᠴᠠᠭ ᠢ ᠪᠦᠲᠦᠮᠵᠢᠲᠡᠢ ᠠᠷᠪᠢᠯᠠᠵᠤ᠂ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠢ ᠳᠤᠲᠠᠭᠤ ᠭᠦᠶᠦᠯᠭᠡᠵᠦ᠂ ᠡᠷᠲᠡ ᠰᠢᠢᠳᠪᠦᠷᠢᠯᠡᠬᠦ︾ ᠪᠤᠯᠭᠠᠨ᠎ᠠ ᠬᠡᠵᠤ ᠬᠤᠲᠠ ᠶᠢᠨ ᠬᠠᠮᠢᠶᠠᠷᠤᠯᠲᠠ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠴᠣᠩᠬᠤᠨ ᠤ ᠬᠠᠷᠢᠭᠤᠴᠠᠯᠭᠠᠲᠠᠨ ᠰᠦᠨ ᠴᠧᠩ ᠬᠡᠯᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠪᠠᠶᠢᠳᠠᠯ ᠢ ᠲᠤᠰᠬᠠᠬᠤ ᠴᠣᠩᠬᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠵᠠᠭᠠᠯᠳᠤᠯᠭ᠎ᠠ ᠶᠢᠨ ᠴᠣᠩᠬᠤ ᠪᠠᠶᠢᠭᠤᠯᠪᠠ᠃ ᠡᠭᠦᠨ ᠤ ᠬᠠᠮᠲᠤ᠂ ᠵᠠᠭᠠᠯᠳᠤᠯᠭ᠎ᠠ ᠶᠢᠨ ᠠᠰᠠᠭᠤᠳᠠᠯ ᠢ ᠲᠥᠷᠥᠯ ᠬᠤᠪᠢᠶᠠᠨ ᠰᠢᠯᠵᠢᠭᠦᠯᠦᠨ ᠭᠦᠢᠴᠡᠳᠬᠡᠬᠦ ᠪᠠ ᠴᠡᠭᠴᠡᠯᠡᠨ ᠰᠠᠶᠢᠵᠢᠷᠠᠭᠤᠯᠵᠤ ᠬᠠᠷᠢᠭᠤ ᠲᠤᠰᠬᠠᠬᠤ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠠᠰᠠᠭᠤᠳᠠᠯ ᠢ ᠦᠨᠡᠨᠬᠦ ᠰᠢᠢᠳᠪᠦᠷᠢᠯᠡᠵᠦ᠂ ᠠᠵᠤ ᠠᠬᠤᠶᠢᠯᠠᠯ ᠣᠯᠠᠨ ᠲᠦᠮᠡᠨ ᠦᠨᠡᠨᠬᠦ ᠰᠡᠳᠬᠢᠯ ᠬᠠᠨᠤᠮᠵᠢᠲᠠᠢ ᠪᠠᠶᠢᠬᠤ ᠶᠢ ᠪᠠᠳᠤᠯᠠᠨ᠎ᠠ᠃    ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ︾ ᠭᠡᠬᠦ ᠲᠤᠰᠬᠠᠬᠤ ᠴᠣᠩᠬᠤ᠂ ︽ᠦᠨᠡᠨᠴᠢ ᠢᠲᠡᠭᠡᠮᠵᠢ ᠶᠢᠨ ᠪᠠᠶᠢᠭᠤᠯᠤᠯᠲᠠ︾ ᠶᠢᠨ ᠵᠠᠭᠠᠯᠳᠤᠯᠭ᠎ᠠ ᠶᠢᠨ ᠴᠣᠩᠬᠤᠨ ᠤ ᠠᠵᠢᠯᠲᠠᠨ ᠸᠠᠩ ᠯᠢ ᠰᠢᠶᠠ᠄ ︽︿ᠤᠴᠢᠷ ᠶᠠᠪᠤᠳᠠᠯ ᠢ ᠪᠦᠲᠦᠭᠡᠵᠦ ᠳᠡᠶᠢᠯᠬᠦ ᠦᠭᠡᠢ﹀ ᠶᠢᠨ ᠲᠤᠰᠬᠠᠬᠤ ᠴᠣᠩᠬᠤ ᠪᠠᠷ ᠠᠵᠤ ᠠᠬᠤᠶᠢᠯᠠᠯ ᠣᠯᠠᠨ ᠲᠦᠮᠡᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠠᠮᠵᠢᠯᠲᠠ ᠲᠠᠢ ᠪᠠᠷ ᠭᠦᠢᠴᠡᠳᠬᠡᠵᠦ ᠳᠡᠶᠢᠯᠦᠭᠰᠡᠨ ᠦᠭᠡᠢ ᠵᠢᠯᠣᠭᠤᠳᠣᠯᠭ᠎ᠠ ᠬᠠᠪᠰᠤᠷᠤᠯᠭ᠎ᠠ ᠦᠵᠡᠭᠦᠯᠵᠦ᠂ ︿ᠦᠨᠡᠨᠴᠢ ᠢᠲᠡᠭᠡᠮᠵᠢ ᠶᠢᠨ ᠪᠠᠶᠢᠭᠤᠯᠤᠯᠲᠠ﹀ ᠶᠢᠨ ᠵᠠᠭᠠᠯᠳᠤᠯᠭ᠎ᠠ ᠶᠢᠨ ᠴᠣᠩᠬᠤ ᠪᠠᠷ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠡᠷᠭᠡ ᠬᠦᠷᠢᠶᠡᠨ ᠳᠠᠬᠢ ᠠᠮᠠᠯᠠᠯᠲᠠ ᠶᠢᠨ ᠵᠦᠢᠯᠡᠰ ᠤᠨ ᠭᠡᠷ᠎ᠡ ᠠᠴᠠ ᠵᠥᠷᠢᠴᠡᠨ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠬᠦᠯᠢᠶᠡᠨ ᠠᠪᠴᠤ ᠰᠢᠢᠳᠪᠦᠷᠢᠯᠡᠵᠦ᠂ ᠠᠵᠤ ᠠᠬᠤᠶᠢᠯᠠᠯ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠰᠢᠭᠤᠳ ᠬᠦᠷᠭᠡᠨ᠎ᠡ︾ ᠭᠡᠵᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠣᠯᠠᠨ ᠲᠠᠯ᠎ᠠ ᠪᠠᠷ ᠦᠨᠡᠨᠴᠢ ᠢᠲᠡᠭᠡᠮᠵᠢ ᠶᠢᠨ ᠭᠤᠣᠯ ᠰᠡᠳᠦᠪᠲᠦ ᠬᠥᠮᠦᠵᠢᠯ ᠤᠨ ᠤᠬᠠᠭᠤᠯᠭ᠎ᠠ ᠶᠢ ᠥᠷᠨᠢᠭᠦᠯᠵᠦ᠂ ᠶᠡᠭᠡ ᠲᠢᠩᠬᠢᠮ ᠤᠨ LED ᠤᠬᠠᠭᠤᠯᠭ᠎ᠠ ᠶᠢᠨ ᠳᠡᠯᠭᠡᠴᠡ ᠳᠤ ᠦᠨᠡᠨᠴᠢ ᠢᠲᠡᠭᠡᠮᠵᠢ ᠶᠢᠨ ᠤᠬᠠᠭᠤᠯᠭ᠎ᠠ ᠶᠢᠨ ᠸᠢᠳᠢᠣ᠋ ᠨᠡᠪᠲᠡᠷᠡᠭᠦᠯᠵᠦ᠂ ᠠᠵᠢᠯᠲᠠᠳ ᠠᠵᠢᠯ ᠶᠠᠪᠤᠳᠠᠯ ᠭᠦᠢᠴᠡᠳᠬᠡᠬᠦ ᠣᠯᠠᠨ ᠲᠦᠮᠡᠨ ᠳᠤ ︽ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠠᠨᠠᠭᠠᠴᠢᠯᠠᠭ᠎ᠠ ᠶᠢᠨ ᠪᠢᠴᠢᠭ︾ ᠲᠠᠷᠬᠠᠭᠠᠵᠤ᠂ ᠦᠨᠡᠨᠴᠢ ᠢᠲᠡᠭᠡᠮᠵᠢᠲᠡᠢ ᠣᠶᠢᠯᠠᠭᠠᠭᠳᠠᠬᠤᠨ᠂ ᠬᠠᠤᠯᠢ ᠶᠣᠰᠣᠭᠠᠷ ᠵᠠᠰᠠᠭ ᠶᠠᠪᠤᠭᠤᠯᠬᠤ ᠮᠡᠳᠡᠯᠭᠡ ᠶᠢ ᠡᠳᠦᠷ ᠲᠤᠲᠤᠮ ᠤᠨ ᠠᠵᠢᠯ ᠳᠤ ᠠᠭᠤᠰᠬᠠᠨ ᠣᠷᠣᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠪᠣᠢ ᠪᠣᠯᠭᠠᠵᠤ᠂ ᠦᠨᠡᠨᠴᠢ ᠢᠲᠡᠭᠡᠮᠵᠢ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃    ︽ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ ᠬᠢᠭᠡᠳ ᠲᠤᠭ᠎ᠠ ᠪᠠᠷᠢᠮᠲᠠ ᠶᠢᠨ ᠬᠠᠮᠢᠶᠠᠷᠤᠯᠲᠠ ᠶᠢᠨ ᠲᠣᠪᠴᠢᠶ᠎ᠠ ᠦᠷᠭᠦᠯᠵᠢᠯᠡᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠪᠠᠷ ᠭᠠᠷᠳᠠᠴᠠ ᠪᠣᠯᠭᠠᠵᠤ᠂ ᠠᠵᠤ ᠠᠬᠤᠶᠢᠯᠠᠯ ᠣᠯᠠᠨ ᠲᠦᠮᠡᠨ ᠤ ᠰᠡᠳᠬᠢᠯ ᠬᠠᠨᠤᠮᠵᠢᠲᠠᠢ ᠪᠠᠶᠢᠬᠤ ᠪᠠᠷ ᠤᠳᠤᠷᠢᠳᠤᠮᠵᠢ ᠪᠣᠯᠭᠠᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号