ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/5
   ᠨᠡᠶᠢᠭᠡᠮ ᠤᠨ ᠠᠮᠤᠷ ᠲᠦᠪᠰᠢᠨ ᠤ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠨᠡᠶᠢᠭᠡᠮ ᠤᠨ ᠡᠮᠬᠢ ᠳᠢᠭᠯᠢᠮ ᠤᠨ ᠶᠡᠭᠡ ᠲᠠᠯ᠎ᠠ ᠶᠢᠨ ᠲᠣᠭᠲᠠᠭᠤᠨ ᠢ ᠬᠠᠮᠠᠭᠠᠯᠠᠬᠤ ᠶᠢᠨ ᠲᠥᠯᠥᠭᠡ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠦᠬᠦ ᠬᠤᠰᠢᠭᠤᠨ ᠤ ᠬᠡᠪᠴᠢᠶᠡᠨ ᠳᠤ ᠵᠤᠨ ᠤ ᠤᠯᠠᠷᠢᠯ ᠤᠨ ᠠᠮᠤᠷ ᠲᠦᠪᠰᠢᠨ ᠳᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠪᠦᠬᠦ ᠲᠠᠯ᠎ᠠ ᠪᠠᠷ ᠶᠡᠷᠦᠩᠬᠡᠶᠢᠯᠡᠨ ᠪᠠᠶᠢᠴᠠᠭᠠᠵᠤ᠂ ᠨᠡᠶᠢᠭᠡᠮ ᠤᠨ ᠠᠮᠤᠷ ᠲᠦᠪᠰᠢᠨ ᠢ ᠪᠦᠬᠦ ᠲᠠᠯ᠎ᠠ ᠪᠠᠷ ᠶᠡᠷᠦᠩᠬᠡᠶᠢᠯᠡᠨ ᠡᠵᠡᠮᠳᠡᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠣᠬᠢᠯᠲᠠ ᠥᠭᠬᠦ ᠥᠴᠦᠬᠡᠨ ᠴᠦ ᠠᠭᠤᠴᠢᠯᠠᠬᠤ ᠦᠭᠡᠢ ᠪᠠᠶᠢᠵᠤ᠂ ᠠᠮᠤᠷ ᠲᠦᠪᠰᠢᠨ ᠤ ᠰᠡᠷᠭᠡᠶᠢᠯᠡᠯᠲᠡ ᠶᠢ ᠤᠬᠠᠭᠤᠯᠵᠤ᠂ ᠣᠯᠠᠨ ᠲᠦᠮᠡᠨ ᠳᠤ ︽ᠠᠮᠤᠷ ᠲᠦᠪᠰᠢᠨ ᠤ ᠪᠣᠭᠤᠮᠲᠠ︾ ᠶᠢ ᠦᠨᠡᠨ ᠬᠦ ᠰᠠᠶᠢᠲᠤᠷ ᠰᠠᠬᠢᠵᠤ᠂ ᠠᠮᠤᠷ ᠲᠦᠪᠰᠢᠨ ᠳᠤ ︽ᠠᠮᠤᠷ ᠲᠦᠪᠰᠢᠨ ᠤ ᠠᠵᠢᠯ ᠤᠨ ᠪᠠᠶᠢᠷᠢ︾ ᠶᠢ ᠰᠠᠶᠢᠲᠤᠷ ᠬᠠᠮᠠᠭᠠᠯᠠᠵᠤ ᠥᠭᠪᠡ᠃    ︽856︾ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ ᠤᠯᠠᠮ ᠨᠢᠭᠡ ᠠᠯᠬᠤᠮ ᠴᠢᠩᠭᠠᠳᠬᠠᠵᠤ᠂ ᠴᠠᠭᠳᠠᠭᠠᠨ ᠤ ᠬᠦᠴᠦᠨ ᠢ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠵᠤ᠂ ᠴᠠᠭᠳᠠᠭᠠᠨ ᠤ ᠬᠦᠴᠦᠨ ᠢ ᠬᠠᠮᠤᠭ ᠤᠨ ᠶᠡᠭᠡ ᠬᠡᠮᠵᠢᠶ᠎ᠡ ᠪᠠᠷ ᠵᠡᠭᠡᠯᠢ ᠭᠤᠳᠤᠮᠵᠢ ᠳᠤ ᠲᠠᠯᠪᠢᠵᠤ᠂ ᠴᠠᠭᠳᠠᠭᠠᠨ ᠤ ᠬᠦᠴᠦᠨ ᠢ ᠮᠥᠷᠳᠡᠨ ᠲᠠᠭᠠᠬᠤ ᠶᠢ ᠪᠠᠷᠢᠮᠲᠠᠯᠠᠨ᠂ ᠠᠭᠤᠳᠠᠮ ᠲᠠᠯᠠᠪᠠᠢ᠂ ᠬᠤᠳᠠᠯᠳᠤᠭᠠᠨ ᠤ ᠲᠣᠭᠤᠷᠢᠭ᠂ ᠰᠥᠨᠢ ᠶᠢᠨ ᠵᠠᠬ᠎ᠠ ᠳᠡᠯᠭᠡᠭᠦᠷ᠂ ᠰᠢᠷᠠᠯᠭ᠎ᠠ ᠶᠢᠨ ᠳᠡᠯᠭᠡᠭᠦᠷ ᠵᠡᠷᠭᠡ ᠬᠥᠮᠦᠨ ᠣᠯᠠᠨ ᠴᠤᠭᠯᠠᠷᠠᠳᠠᠭ ᠲᠠᠯᠠᠪᠤᠷ᠂ ᠭᠤᠣᠯᠳᠠᠯᠭ᠎ᠠ ᠲᠠᠢ ᠣᠷᠣᠨ ᠪᠦᠰᠡ ᠳᠤ ᠴᠠᠭᠳᠠᠨ ᠪᠠᠶᠢᠴᠠᠭᠠᠵᠤ ᠰᠡᠷᠭᠡᠶᠢᠯᠡᠨ ᠡᠵᠡᠮᠳᠡᠬᠦ ᠶᠢ ᠦᠷᠭᠦᠯᠵᠢᠯᠡᠨ ᠴᠢᠩᠭᠠᠳᠬᠠᠵᠤ᠂ ᠶᠠᠪᠠᠭᠠᠨ ᠴᠠᠭᠳᠠᠬᠤ᠂ ᠲᠡᠷᠭᠡ ᠪᠠᠷ ᠲᠣᠭᠤᠷᠢᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠴᠠᠭᠳᠠᠭᠠᠨ ᠤ ᠬᠦᠴᠦᠨ ᠤ ᠣᠷᠣᠭᠤᠯᠤᠯᠲᠠ ᠪᠠ ᠴᠠᠭᠳᠠᠨ ᠪᠠᠶᠢᠴᠠᠭᠠᠬᠤ ᠤᠳᠠᠭ᠎ᠠ ᠶᠢ ᠦᠷᠭᠦᠯᠵᠢᠯᠡᠨ ᠨᠡᠮᠡᠭᠳᠡᠭᠦᠯᠵᠦ᠂ ︽ᠴᠠᠭᠳᠠᠭ᠎ᠠ ᠶᠢ ᠣᠯᠵᠤ ᠦᠵᠡᠬᠦ᠂ ᠴᠠᠭᠳᠠᠭᠠᠨ ᠤ ᠲᠡᠷᠭᠡ ᠶᠢ ᠣᠯᠵᠤ ᠦᠵᠡᠬᠦ᠂ ᠴᠠᠭᠳᠠᠭᠠᠨ ᠤ ᠳ᠋ᠧᠩ ᠢ ᠣᠯᠵᠤ ᠦᠵᠡᠬᠦ︾ ᠶᠢ ᠦᠨᠡᠨ ᠬᠦ ᠪᠡᠶᠡᠯᠡᠭᠦᠯᠵᠦ᠂ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠡᠭᠦᠰᠬᠦ ᠶᠢ ᠬᠠᠮᠤᠭ ᠤᠨ ᠶᠡᠭᠡ ᠬᠡᠮᠵᠢᠶ᠎ᠡ ᠪᠠᠷ ᠬᠤᠷᠢᠭᠯᠠᠪᠠ᠃    ᠱᠠᠯᠢᠭ ᠵᠠᠪᠬᠠᠢ ᠲᠠᠢ ᠬᠤᠯᠪᠣᠭᠳᠠᠭᠰᠠᠨ ᠵᠣᠭᠤᠰ ᠨᠠᠭᠠᠳᠬᠤ ᠳᠤ ᠬᠤᠯᠪᠣᠭᠳᠠᠭᠰᠠᠨ᠂ ᠠᠮᠤᠷ ᠲᠦᠪᠰᠢᠨ ᠤ ᠡᠮᠬᠢ ᠵᠠᠮᠪᠠᠷᠠᠭ᠎ᠠ ᠦᠭᠡᠢ ᠪᠣᠯᠤᠭᠰᠠᠨ ᠵᠡᠷᠭᠡ ᠲᠠᠯᠠᠪᠤᠷ ᠭᠠᠵᠠᠷ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢᠶᠠᠷ ᠭᠤᠣᠯᠳᠠᠯᠭ᠎ᠠ ᠪᠣᠯᠭᠠᠵᠤ᠂ ᠲᠣᠭᠤᠷᠢᠨ ᠴᠠᠭᠳᠠᠵᠤ ᠰᠥᠨᠢ ᠪᠠᠷ ᠪᠠᠶᠢᠴᠠᠭᠠᠬᠤ ᠪᠠ ᠪᠠᠶᠢᠴᠠᠭᠠᠨ ᠰᠢᠢᠳᠪᠦᠷᠢᠯᠡᠵᠦ ᠴᠣᠬᠢᠯᠲᠠ ᠥᠭᠬᠦ ᠶᠢ ᠬᠠᠷᠢᠯᠴᠠᠨ ᠤᠶᠠᠯᠳᠤᠭᠤᠯᠵᠤ᠂ ᠣᠯᠠᠨ ᠴᠠᠭᠳᠠᠭᠠᠨ ᠤ ᠲᠥᠷᠥᠯ ᠢ ᠵᠣᠬᠢᠶᠠᠨ ᠪᠠᠶᠢᠭᠤᠯᠤᠨ ᠬᠠᠷᠢᠶ᠎ᠠ ᠣᠷᠣᠨ ᠤ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ᠂ ᠵᠣᠴᠢᠳ ᠤᠨ ᠪᠠᠭᠤᠳᠠᠯ᠂ ᠤᠬᠢᠶᠠᠯᠭ᠎ᠠ ᠶᠢᠨ ᠲᠥᠪ᠂ ᠰᠡᠯᠡᠭᠦᠴᠡᠯ ᠵᠤᠭ᠎ᠠ ᠴᠡᠩᠭᠡᠯ᠂ ᠲᠦᠷᠢᠶᠡᠰᠦᠯᠡᠭᠦᠯᠦᠭᠰᠡᠨ ᠭᠡᠷ ᠪᠠᠶᠢᠰᠢᠩ᠂ ᠠᠷᠢᠬᠢᠨ ᠮᠤᠬᠤᠯᠠᠭ᠂ KTV ᠵᠡᠷᠭᠡ ᠠᠮᠤᠷ ᠲᠦᠪᠰᠢᠨ ᠤ ᠪᠤᠳᠤᠯᠢᠶᠠᠨᠲᠠᠢ ᠣᠷᠣᠨ ᠪᠦᠰᠡ ᠳᠤ ︽ᠭᠠᠪᠰᠢᠭᠠᠢ ᠮᠠᠶ᠋ᠢᠭ︾᠂ ︽ᠬᠡᠪᠢᠰ ᠮᠠᠶ᠋ᠢᠭ︾᠂ ︽ᠲᠣᠣᠷ ᠲᠠᠲᠠᠬᠤ ᠮᠠᠶ᠋ᠢᠭ︾ ᠢᠶᠠᠷ ᠢᠯᠭᠠᠷᠠᠭᠤᠯᠤᠨ ᠪᠠᠶᠢᠴᠠᠭᠠᠵᠤ᠂ ᠭᠤᠣᠯᠳᠠᠯᠭ᠎ᠠ ᠲᠠᠢ ᠲᠠᠯᠠᠪᠤᠷ ᠪᠠ ᠣᠷᠣᠨ ᠪᠦᠰᠡ ᠶᠢᠨ ᠬᠠᠮᠢᠶᠠᠷᠤᠨ ᠡᠵᠡᠮᠳᠡᠬᠦ ᠡᠷᠴᠢᠮ ᠢ ᠴᠢᠩᠭᠠᠷᠠᠭᠤᠯᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠨ᠎ᠠ᠃     ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯ ᠤᠨ ᠭᠤᠣᠯᠳᠠᠯᠭ᠎ᠠ ᠶᠢ ᠦᠨᠳᠦᠰᠦᠯᠡᠨ᠂ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ᠂ ᠵᠠᠬ᠎ᠠ ᠳᠡᠯᠭᠡᠭᠦᠷ᠂ ᠵᠠᠮ ᠤᠨ ᠠᠭᠤᠯᠵᠠᠷ ᠲᠤ ᠤᠬᠠᠭᠤᠯᠤᠨ ᠰᠡᠷᠭᠡᠶᠢᠯᠡᠬᠦ ᠴᠡᠭ ᠭᠠᠷᠭᠠᠵᠤ᠂ ᠤᠬᠠᠭᠤᠯᠭ᠎ᠠ ᠶᠢᠨ ᠮᠠᠲ᠋ᠧᠷᠢᠶᠠᠯ ᠲᠣᠮᠢᠯᠠᠨ ᠲᠠᠷᠬᠠᠭᠠᠵᠤ᠂ ᠤᠬᠠᠭᠤᠯᠭ᠎ᠠ ᠶᠢᠨ ᠵᠠᠷᠯᠠᠯ ᠨᠠᠭᠠᠵᠤ᠂ ᠨᠡᠶᠢᠭᠡᠮ ᠲᠣᠭᠤᠷᠢᠭ᠂ ᠰᠤᠷᠭᠠᠭᠤᠯᠢ᠂ ᠡᠯ᠎ᠡ ᠲᠥᠷᠥᠯ ᠤᠨ ᠲᠠᠯᠠᠪᠤᠷ ᠤᠨ ᠡᠭᠦᠳᠡᠨ ᠡᠮᠦᠨᠡᠬᠢ LED ᠳᠡᠯᠭᠡᠴᠡ ᠪᠠᠷ ᠤᠬᠠᠭᠤᠯᠭ᠎ᠠ ᠶᠢᠨ ᠤᠷᠢᠶ᠎ᠠ ᠯᠣᠽᠦ᠋ᠩ ᠨᠡᠪᠲᠡᠷᠡᠭᠦᠯᠪᠡ᠃ ᠣᠯᠠᠨ ᠲᠦᠮᠡᠨ ᠤ ︽ᠣᠯᠵᠤ ᠦᠵᠡᠬᠦ᠂ ᠠᠮᠠᠷᠬᠠᠨ ᠣᠶᠢᠯᠠᠭᠠᠬᠤ᠂ ᠴᠡᠭᠡᠵᠢᠯᠡᠵᠦ ᠰᠠᠭᠤᠬᠤ︾ ᠠᠷᠭ᠎ᠠ ᠮᠠᠶ᠋ᠢᠭ ᠢᠶᠠᠷ ᠤᠬᠠᠭᠤᠯᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ ᠠᠷᠠᠳ ᠣᠯᠠᠨ ᠤ ᠥᠪᠡᠷ ᠢ ᠪᠠᠨ ᠬᠠᠮᠠᠭᠠᠯᠠᠬᠤ ᠤᠬᠠᠮᠰᠠᠷ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ ᠰᠠᠬᠢᠬᠤ ᠤᠬᠠᠮᠰᠠᠷᠲᠤ ᠴᠢᠨᠠᠷ ᠢ ᠨᠡᠮᠡᠭᠳᠡᠭᠦᠯᠬᠦ ᠬᠡᠷᠡᠭᠲᠡᠢ᠃    ᠠᠵᠢᠯᠯᠠᠭ᠎ᠠ ᠶᠢᠨ ᠬᠤᠭᠤᠴᠠᠭᠠᠨ ᠳᠤ᠂ 450 ᠴᠠᠭᠳᠠᠭ᠎ᠠ᠂ 80 ᠲᠡᠷᠭᠡ ᠬᠥᠰᠬᠡ ᠶᠢ ᠬᠥᠳᠡᠯᠭᠡᠵᠦ᠂ 1200 ᠭᠠᠷᠤᠢ ᠬᠥᠮᠦᠨ ᠤᠳᠠᠭ᠎ᠠ ᠣᠯᠠᠨ ᠢᠶᠠᠷ ᠢᠶᠠᠨ ᠰᠡᠷᠭᠡᠶᠢᠯᠡᠵᠦ ᠣᠯᠠᠨ ᠢᠶᠠᠷ ᠢᠶᠠᠨ ᠵᠠᠰᠠᠬᠤ ᠬᠦᠴᠦᠨ ᠢ ᠳᠠᠶᠢᠴᠢᠯᠠᠪᠠ︔ ᠭᠤᠣᠯᠳᠠᠯᠭ᠎ᠠ ᠲᠠᠢ ᠬᠡᠰᠡᠭ ᠢ 70 ᠲᠣᠭᠤᠷᠢᠨ ᠪᠠᠶᠢᠴᠠᠭᠠᠵᠤ᠂ ᠡᠯ᠎ᠡ ᠲᠥᠷᠥᠯ ᠤᠨ ᠲᠠᠯᠠᠪᠤᠷ ᠭᠠᠵᠠᠷ ᠢ 295 ᠶᠢ ᠢᠯᠭᠠᠷᠠᠭᠤᠯᠤᠨ ᠪᠠᠶᠢᠴᠠᠭᠠᠵᠤ᠂ 25 ᠰᠤᠮᠤ ᠬᠤᠷᠢᠶᠠᠨ ᠠᠪᠴᠤ ᠴᠡᠭᠴᠡᠯᠡᠨ ᠥᠭᠡᠷᠡᠴᠢᠯᠡᠪᠡ︔ ᠫᠤᠤ ᠵᠡᠪᠰᠡᠭ 1 ᠰᠤᠮᠤ 129 ᠰᠤᠮᠤ ᠬᠤᠷᠢᠶᠠᠨ ᠠᠪᠴᠤ᠂ 87 ᠬᠡᠷᠡᠭ ᠢ ᠬᠤᠷᠢᠶᠠᠨ ᠠᠪᠴᠤ᠂ 6 ᠬᠡᠷᠡᠭ ᠢ ᠪᠠᠶᠢᠴᠠᠭᠠᠨ ᠢᠯᠡᠷᠡᠭᠦᠯᠵᠦ᠂ 26 ᠬᠥᠮᠦᠨ ᠢ ᠪᠠᠷᠢᠪᠴᠢᠯᠠᠵᠠᠢ︔ 7 ᠲᠡᠷᠭᠡ ᠶᠢ ᠪᠠᠷᠢᠪᠴᠢᠯᠠᠵᠤ᠂ 7 ᠲᠡᠷᠭᠡ ᠬᠥᠰᠬᠡ ᠶᠢ ᠪᠠᠶᠢᠴᠠᠭᠠᠨ ᠰᠢᠢᠳᠪᠦᠷᠢᠯᠡᠵᠦ᠂ ᠡᠯ᠎ᠡ ᠲᠥᠷᠥᠯ ᠤᠨ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ 234 ᠪᠠᠶᠢᠴᠠᠭᠠᠨ ᠰᠢᠢᠳᠪᠦᠷᠢᠯᠡᠪᠡ᠃ ᠤᠬᠠᠭᠤᠯᠭ᠎ᠠ ᠶᠢᠨ ᠴᠡᠭ 4 ᠲᠣᠬᠢᠷᠠᠭᠤᠯᠵᠤ᠂ ᠡᠯ᠎ᠡ ᠲᠥᠷᠥᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠭᠤᠯᠭ᠎ᠠ ᠶᠢᠨ ᠮᠠᠲ᠋ᠧᠷᠢᠶᠠᠯ ᠢ 4000 ᠭᠠᠷᠤᠢ ᠬᠤᠪᠢ ᠲᠠᠷᠬᠠᠭᠠᠪᠠ᠃    ᠳᠠᠷᠠᠭᠠᠴᠢ ᠶᠢᠨ ᠠᠯᠬᠤᠮ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ︽ᠵᠤᠨ ᠤ ᠤᠯᠠᠷᠢᠯ ᠤᠨ ᠠᠵᠢᠯᠯᠠᠭ᠎ᠠ︾ ᠶᠢᠨ ᠠᠵᠢᠯ ᠤᠨ ᠬᠠᠷᠠᠯᠲᠠ ᠶᠢᠨ ᠲᠣᠭᠤᠷᠢᠨ ᠳᠤ᠂ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠴᠣᠬᠢᠯᠲᠠ ᠥᠭᠴᠦ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠨᠠᠷᠢᠯᠢᠭ ᠣᠨᠣᠴᠠᠲᠠᠢ ᠪᠠᠷ ᠬᠦᠴᠦᠯᠡᠵᠦ᠂ ᠬᠦᠴᠦᠲᠡᠢ ᠴᠣᠬᠢᠯᠲᠠ ᠥᠭᠴᠦ᠂ ᠡᠯ᠎ᠡ ᠲᠥᠷᠥᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠡᠯ᠎ᠡ ᠲᠥᠷᠥᠯ ᠤᠨ ᠠᠮᠤᠷ ᠲᠦᠪᠰᠢᠨ ᠤ ᠠᠶᠤᠯ ᠲᠦᠭᠰᠢᠭᠦᠷᠢ ᠶᠢᠨ ᠳᠠᠯᠳᠠ ᠭᠡᠮ ᠢ ᠴᠡᠭᠴᠡᠯᠡᠨ ᠵᠠᠰᠠᠵᠤ᠂ ᠨᠡᠶᠢᠭᠡᠮ ᠤᠨ ᠠᠮᠤᠷ ᠲᠦᠪᠰᠢᠨ ᠤ ᠶᠡᠭᠡ ᠲᠠᠯ᠎ᠠ ᠶᠢᠨ ᠦᠷᠭᠦᠯᠵᠢᠯᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠵᠤ᠂ ᠣᠯᠠᠨ ᠲᠦᠮᠡᠨ ᠤ ᠠᠮᠤᠷ ᠲᠦᠪᠰᠢᠨ ᠤ ᠲᠥᠷᠥᠭᠳᠡᠯ᠂ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号