ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ᠄ ︽ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠵᠣᠬᠢᠶᠠᠯ︾ ᠢ ᠪᠢᠴᠢᠭᠯᠡᠪᠡ
ᠨᠡᠶᠢᠲᠡᠯᠡᠭᠰᠡᠨ ᠴᠠᠭ᠄
2024/7/5
   ᠣᠶᠢᠷ᠎ᠠ ᠶᠢᠨ ᠵᠢᠯ ᠠᠴᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠠᠷᠠᠯᠲᠠ ᠶᠢᠨ ᠲᠣᠭᠤᠷᠢᠨ ᠳᠤ᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠤᠨ ᠵᠠᠭᠪᠤᠷ ᠲᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠬᠤᠪᠢᠷᠠᠭᠤᠯᠬᠤ ᠶᠢ ᠠᠬᠢᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠬᠤ ᠡᠷᠴᠢᠮ ᠢᠶᠠᠨ ᠴᠢᠩᠭᠠᠷᠠᠭᠤᠯᠤᠨ᠂ ᠮᠠᠯᠴᠢᠨ ᠲᠠᠷᠢᠶᠠᠴᠢᠨ ᠤ ᠰᠢᠨᠵᠢᠯᠡᠬᠦ ᠤᠬᠠᠭᠠᠨ ᠮᠡᠷᠭᠡᠵᠢᠯ ᠤᠨ ᠲᠡᠵᠢᠭᠡᠨ ᠦᠷᠡᠵᠢᠭᠦᠯᠬᠦ ᠬᠢᠷᠢ ᠲᠦᠪᠰᠢᠨ ᠢ ᠳᠡᠭᠡᠭᠰᠢᠯᠡᠭᠦᠯᠵᠦ᠂ ︽ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠶᠡᠭᠡ ᠶᠠᠪᠤᠳᠠᠯ︾ ᠢ ᠪᠢᠴᠢᠭᠯᠡᠪᠡ᠃    ᠣᠶᠢᠷ᠎ᠠ ᠳᠤ᠂ ᠰᠤᠷᠪᠤᠯᠵᠢᠯᠠᠭᠴᠢ ᠬᠤᠶᠠᠷᠰᠤᠮᠤ ᠪᠠᠯᠭᠠᠰᠤᠨ ᠤ ᠬᠤᠸᠠ ᠳ᠋ᠧᠩ ᠭᠠᠴᠠᠭ᠎ᠠ ᠳᠤ ᠪᠠᠶᠢᠭ᠎ᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠸᠢᠯᠢᠰ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢ᠊ ᠡᠶ᠎ᠡ ᠳᠤ ᠬᠦᠷᠴᠦ᠂ ᠪᠠᠷᠢᠮᠵᠢᠶᠠᠵᠢᠭᠤᠯᠤᠭᠰᠠᠨ ᠪᠦᠲᠦᠭᠡᠨ ᠪᠠᠶᠢᠭᠤᠯᠤᠯᠲᠠ ᠶᠢᠨ ᠦᠬᠡᠷ ᠤᠨ ᠬᠠᠰᠢᠶᠠᠨ ᠳᠤ᠂ ᠵᠢᠶᠠᠨ ᠱᠦᠸᠧ ᠠᠯᠠᠰᠢᠨ ᠦᠬᠡᠷ ᠠᠶᠠᠨᠳᠠᠭᠠᠨ ᠡᠪᠡᠰᠦᠨ ᠪᠣᠷᠳᠤᠭ᠎ᠠ ᠵᠠᠵᠢᠯᠵᠤ᠂ ᠬᠤᠷᠰᠢᠶᠠᠨ ᠤ ᠬᠠᠷᠢᠭᠤᠴᠠᠯᠭᠠᠲᠠᠨ ᠭᠦᠸᠧ ᠰᠢᠤ ᠮᠢᠩ ᠶᠠᠭ ᠦᠬᠡᠷ ᠤᠨ ᠬᠠᠰᠢᠶ᠎ᠠ ᠰᠠᠷᠠᠪᠴᠢ ᠶᠢ ᠠᠷᠢᠭᠤᠳᠬᠠᠵᠤ᠂ ᠡᠪᠡᠰᠦ ᠪᠣᠷᠳᠤᠭ᠎ᠠ ᠨᠡᠮᠡᠵᠦ᠂ ᠦᠬᠡᠷ ᠨᠢᠭᠡᠪᠦᠷᠢ ᠶᠢ ᠨᠠᠷᠢᠨ ᠨᠢᠮᠪᠠᠢ ᠲᠡᠵᠢᠭᠡᠵᠦ ᠪᠠᠶᠢᠨ᠎ᠠ᠃    2022 ᠣᠨ ᠤ 11 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠸᠢᠯᠢᠰ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢ᠊ ᠡᠶ᠎ᠡ ᠨᠢ ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠨᠡᠶᠢᠭᠡᠮᠯᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠤᠨ ᠬᠤᠯᠪᠣᠭ᠎ᠠ ᠳᠤ ︽ᠳᠤᠮᠳᠠᠳᠤ ᠤᠯᠤᠰ ᠤᠨ ᠬᠥᠳᠡᠭᠡ ᠲᠣᠰᠬᠤᠨ ᠤ ᠲᠤᠰᠬᠠᠢ ᠮᠡᠷᠭᠡᠵᠢᠯ ᠤᠨ ᠨᠡᠶᠢᠭᠡᠮᠯᠢᠭ ᠤᠨ ᠥᠪᠥᠷ ᠮᠣᠩᠭᠤᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠦᠬᠡᠷ ᠤᠨ ᠦᠢᠯᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ︾ ᠢᠶᠠᠷ ᠮᠠᠭᠠᠳᠯᠠᠨ ᠲᠣᠭᠲᠠᠭᠠᠪᠠ᠃ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠠᠷᠢᠶᠠᠯᠠᠩ ᠤᠨ ᠤᠬᠠᠭᠠᠨ ᠤ ᠳ᠋ᠣᠺᠲ᠋ᠣᠷ᠂ ᠳᠡᠳ᠋ ᠫᠷᠤᠹᠧᠰᠰᠤᠷ ᠦ᠋ ᠬᠤᠤ ᠪᠠᠷ ᠲᠦᠷᠦᠭᠦᠯᠡᠭᠦᠯᠦᠭᠰᠡᠨ ᠲᠤᠰᠬᠠᠢ ᠮᠡᠷᠭᠡᠵᠢᠯᠲᠡᠨ ᠵᠢᠴᠢ ᠠᠰᠫᠢᠷᠠᠨᠲ 6 ᠬᠥᠮᠦᠨ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠳᠤ ᠣᠷᠣᠵᠤ ᠰᠠᠭᠤᠪᠠ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠤ ᠮᠡᠷᠭᠡᠵᠢᠯ ᠤᠨ ᠵᠢᠯᠣᠭᠤᠳᠣᠯᠭ᠎ᠠ ᠳᠣᠣᠷ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠸᠢᠯᠢᠰ ᠲᠠᠷᠢᠵᠤ ᠲᠡᠵᠢᠭᠡᠨ ᠦᠷᠡᠵᠢᠭᠦᠯᠬᠦ ᠲᠤᠰᠬᠠᠢ ᠬᠤᠷᠰᠢ᠊ ᠡᠶ᠎ᠡ ᠨᠢ ᠠᠯᠠᠰᠢᠨ ᠦᠬᠡᠷ ᠤᠨ ᠬᠠᠮᠢᠶᠠᠷᠤᠯᠲᠠ ᠶᠢᠨ ᠲᠠᠯ᠎ᠠ ᠪᠠᠷ ᠨᠡᠩ ᠨᠠᠷᠢᠯᠢᠭ ᠪᠣᠯᠵᠤ᠂ ᠡᠪᠡᠰᠦ ᠪᠣᠷᠳᠤᠭ᠎ᠠ ᠲᠡᠵᠢᠭᠡᠬᠦ ᠶᠢ ᠨᠡᠩ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠪᠣᠯᠭᠠᠵᠤ᠂ ᠲᠡᠵᠢᠭᠡᠨ ᠦᠷᠡᠵᠢᠭᠦᠯᠬᠦ ᠥᠪᠡᠷ ᠤᠨ ᠥᠷᠲᠡᠭ ᠢ ᠪᠠᠭᠠᠰᠬᠠᠬᠤ ᠪᠠᠷ ᠪᠠᠷᠠᠬᠤ ᠦᠭᠡᠢ᠂ ᠪᠠᠰᠠ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠠᠰᠢᠭ ᠣᠯᠵᠠᠪᠤᠷᠢ ᠶᠢ ᠵᠢᠯ ᠠᠴᠠ ᠵᠢᠯ ᠳᠤ ᠰᠠᠶᠢᠨ ᠪᠣᠯᠭᠠᠪᠠ᠃    ︽ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠪᠠ ᠠᠰᠫᠢᠷᠠᠨᠲ ᠣᠷᠣᠵᠤ ᠰᠠᠭᠤᠭᠰᠠᠨ ᠤ ᠳᠠᠷᠠᠭ᠎ᠠ᠂ ᠮᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠮᠠᠰᠢ ᠣᠯᠠᠨ ᠮᠡᠷᠭᠡᠵᠢᠯ ᠤᠨ ᠳᠡᠮᠵᠢᠯᠭᠡ ᠣᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠤᠨ ᠲᠤᠰᠬᠠᠢ ᠮᠡᠷᠭᠡᠵᠢᠯᠲᠡᠨ ᠪᠠ ᠰᠤᠷᠤᠭᠴᠢᠳ ᠤᠨ ᠵᠢᠯᠣᠭᠤᠳᠣᠯᠭ᠎ᠠ ᠪᠠᠷ ᠳᠠᠮᠵᠢᠨ᠂ ᠮᠢᠨᠦ ᠲᠡᠵᠢᠭᠡᠨ ᠦᠷᠡᠵᠢᠭᠦᠯᠬᠦ ᠤᠷ᠎ᠠ ᠴᠢᠳᠠᠪᠤᠷᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠭᠰᠡᠨ ᠤ ᠬᠠᠮᠲᠤ ᠪᠠᠰᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠠᠯ᠎ᠠ ᠪᠠᠷ ᠨᠡᠩ ᠭᠦᠨᠵᠡᠭᠡᠢ ᠣᠶᠢᠯᠠᠭᠠᠯᠲᠠ ᠲᠠᠢ ᠪᠣᠯᠤᠭᠰᠠᠨ ᠪᠠᠶᠢᠨ᠎ᠠ᠃ ᠡᠳᠡᠭᠡᠷ ᠲᠤᠷᠰᠢᠯᠭ᠎ᠠ ᠪᠠ ᠮᠡᠳᠡᠯᠭᠡ ᠨᠢ ᠮᠠᠨ ᠤ ᠬᠤᠶᠢᠰᠢᠳᠠ ᠶᠢᠨ ᠲᠡᠵᠢᠭᠡᠨ ᠦᠷᠡᠵᠢᠭᠦᠯᠬᠦ ᠦᠢᠯᠡᠰ ᠤᠨ ᠬᠥᠭᠵᠢᠯᠲᠡ ᠳᠤ ᠢᠳᠡᠪᠬᠢᠲᠡᠢ ᠨᠥᠯᠥᠭᠡ ᠦᠵᠡᠭᠦᠯᠬᠦ ᠪᠣᠯᠤᠨ᠎ᠠ ᠭᠡᠳᠡᠭ ᠢ ᠪᠢ ᠢᠲᠡᠭᠡᠵᠦ ᠪᠠᠶᠢᠨ᠎ᠠ᠃ ᠣᠳᠣ ᠪᠢᠳᠡ ᠵᠢᠯ ᠪᠦᠷᠢ 40 ᠭᠠᠷᠤᠢ ᠵᠦᠢᠯ ᠢ ᠪᠣᠷᠣᠯᠠᠭᠤᠯᠵᠤ᠂ ᠵᠢᠯ ᠤᠨ ᠣᠷᠣᠯᠭ᠎ᠠ ᠨᠢ 10 ᠭᠠᠷᠤᠢ ᠲᠦᠮᠡᠨ ᠲᠥᠭᠦᠷᠢᠭ ᠨᠡᠮᠡᠭᠳᠡᠪᠡ︾ ᠬᠡᠵᠤ ᠭᠥᠸᠧ ᠰᠢᠦ ᠮᠢᠩ ᠬᠡᠯᠡᠪᠡ᠃    ᠥᠪᠥᠷ ᠮᠣᠩᠭᠤᠯ ᠤᠨ ᠵᠢᠦ ᠹᠦ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠳᠤ᠂ 500 ᠭᠠᠷᠤᠢ ᠬᠤᠨᠢ ᠶᠠᠭ ᠥᠷᠭᠡᠨ ᠠᠭᠤᠳᠠᠮ᠂ ᠴᠡᠪᠡᠷ ᠬᠤᠨᠢᠨ ᠬᠠᠰᠢᠶᠠᠨ ᠳᠤ ᠠᠯᠬᠤᠯᠠᠨ ᠠᠮᠠᠷᠠᠵᠤ᠂ ᠬᠠᠰᠢᠶ᠎ᠠ ᠰᠠᠷᠠᠪᠴᠢ ᠲᠠᠢ᠂ ᠡᠪᠡᠰᠦ ᠪᠣᠷᠳᠤᠭ᠎ᠠ ᠢᠳᠡᠵᠦ ᠪᠠᠶᠢᠯ᠎ᠠ᠃ ᠥᠪᠥᠷ ᠮᠣᠩᠭᠤᠯ ᠤᠨ ᠵᠢᠦ ᠹᠦ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳ᠋ᠦᠩ ᠳ᠋ᠡ ᠪᠠᠶᠠᠯᠢᠭ ᠬᠦᠷᠢᠶᠡᠯᠡᠩ ᠲᠣᠭᠤᠷᠢᠭ ᠲᠤ ᠪᠠᠶᠢᠷᠢᠯᠠᠵᠤ᠂ 2023 ᠣᠨ ᠳᠤ ᠬᠢᠩᠭᠠᠨ ᠠᠶᠢᠮᠠᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠢᠶᠠᠷ ᠦᠨᠡᠯᠡᠭᠳᠡᠵᠦ᠂ ᠥᠪᠥᠷ ᠮᠣᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠠᠮᠢᠲᠠᠨ ᠤ ᠰᠢᠮ᠎ᠡ ᠲᠡᠵᠢᠭᠡᠯ ᠬᠢᠭᠡᠳ ᠲᠡᠵᠢᠭᠡᠯ ᠪᠣᠷᠳᠣᠭᠠᠨ ᠤ ᠰᠢᠨᠵᠢᠯᠡᠬᠦ ᠤᠬᠠᠭᠠᠨ ᠤ ᠳ᠋ᠣᠺᠲ᠋ᠣᠷ ᠮᠦᠴᠢᠷ ᠢᠶᠠᠷ ᠲᠦᠷᠦᠭᠦᠯᠡᠭᠦᠯᠦᠭᠰᠡᠨ ᠲᠤᠰᠬᠠᠢ ᠮᠡᠷᠭᠡᠵᠢᠯᠲᠡᠨ ᠵᠢᠴᠢ ᠠᠰᠫᠢᠷᠠᠨᠲ 5 ᠬᠥᠮᠦᠨ ᠠᠴᠠ ᠰᠢᠨᠵᠢᠯᠡᠬᠦ ᠤᠬᠠᠭᠠᠨ ᠮᠡᠷᠭᠡᠵᠢᠯ ᠤᠨ ᠵᠢᠵᠢᠭ ᠬᠦᠷᠢᠶᠡᠯᠡᠩ ᠳᠤ ᠣᠷᠣᠵᠤ ᠰᠠᠭᠤᠪᠠ᠂ ᠲᠡᠳᠡ ᠵᠢᠦ ᠹᠦ᠋ ᠬᠤᠨᠢ ᠶᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠢ ᠪᠠᠶᠢᠭᠤᠯᠬᠤ᠂ ᠥᠨᠳᠥᠷ ᠪᠦᠲᠦᠮᠵᠢᠲᠡᠢ ᠪᠠᠷ ᠦᠷᠡᠵᠢᠭᠦᠯᠬᠦ ᠮᠡᠷᠭᠡᠵᠢᠯ ᠤᠨ ᠬᠡᠷᠡᠭᠯᠡᠯᠲᠡ᠂ ᠰᠢᠮ᠎ᠡ ᠲᠡᠵᠢᠭᠡᠯ ᠢ ᠲᠡᠩᠴᠡᠭᠦᠷᠢᠲᠡᠢ ᠬᠠᠩᠭᠠᠬᠤ ᠮᠡᠷᠭᠡᠵᠢᠯ ᠵᠡᠷᠭᠡ ᠲᠠᠯ᠎ᠠ ᠪᠠᠷ ᠮᠡᠷᠭᠡᠵᠢᠯ ᠤᠨ ᠵᠢᠯᠣᠭᠤᠳᠣᠯᠭ᠎ᠠ ᠥᠷᠨᠢᠭᠦᠯᠵᠦ᠂ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠨᠠᠩ ᠵᠦᠢ ᠵᠣᠬᠢᠰᠲᠠᠢ᠂ ᠥᠨᠳᠥᠷ ᠪᠦᠲᠦᠮᠵᠢᠲᠡᠢ ᠪᠣᠯᠭᠠᠵᠤ᠂ ᠵᠢᠯ ᠪᠦᠷᠢ ᠶᠢᠨ ᠬᠤᠨᠢᠨ ᠤ ᠭᠠᠷᠭᠠᠯᠲᠠ ᠶᠢᠨ ᠬᠡᠮᠵᠢᠶ᠎ᠡ ᠶᠢ 2 ᠲᠦᠮᠡ ᠭᠠᠷᠤᠢ ᠪᠣᠯᠭᠠᠪᠠ᠃    ︽ᠤᠤᠯ ᠳᠤ ᠪᠠᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠶᠢ ᠮᠡᠳᠡᠬᠦ ᠦᠭᠡᠢ᠂ ᠶᠡᠷᠦ ᠨᠢ ᠣᠯᠠᠨ ᠵᠢᠯ ᠤᠨ ᠲᠤᠷᠰᠢᠯᠭ᠎ᠠ ᠪᠠᠷ ᠡᠵᠡᠩᠨᠡᠳᠡᠭ᠂ ᠳᠡᠮᠡᠢ ᠦᠷ᠎ᠡ ᠠᠰᠢᠭ ᠦᠭᠡᠢ ᠪᠠᠶᠢᠵᠠᠢ᠃ ᠰᠢᠨᠵᠢᠯᠡᠬᠦ ᠤᠬᠠᠭᠠᠨ ᠮᠡᠷᠭᠡᠵᠢᠯ ᠤᠨ ᠪᠠᠭ᠎ᠠ ᠬᠦᠷᠢᠶᠡᠯᠡᠩ ᠪᠠᠶᠢᠭᠤᠯᠤᠭᠳᠠᠭᠰᠠᠨ ᠤ ᠳᠠᠷᠠᠭ᠎ᠠ᠂ ᠤᠷᠢᠳ ᠬᠤᠵᠢᠳ ᠣᠯᠠᠨ ᠲᠤᠰᠬᠠᠢ ᠮᠡᠷᠭᠡᠵᠢᠯᠲᠡᠨ ᠢᠷᠡᠵᠦ᠂ ᠪᠢᠳᠡᠨ ᠳᠤ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠡᠵᠢᠭᠡᠨ ᠦᠷᠡᠵᠢᠭᠦᠯᠬᠦ ᠰᠠᠨᠠᠭᠤᠯᠭ᠎ᠠ ᠬᠠᠩᠭᠠᠵᠤ᠂ ᠬᠤᠨᠢᠨ ᠤ ᠦᠢᠯᠡᠳᠪᠦᠷᠢᠯᠡᠯ᠂ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ᠂ ᠰᠢᠮ᠎ᠡ ᠲᠡᠵᠢᠭᠡᠯ ᠢ ᠲᠣᠬᠢᠷᠠᠭᠤᠯᠬᠤ ᠲᠠᠯ᠎ᠠ ᠪᠠᠷ ᠪᠢᠳᠡᠨ ᠳᠤ ᠮᠠᠰᠢ ᠶᠡᠭᠡ ᠬᠠᠪᠰᠤᠷᠤᠯᠭ᠎ᠠ ᠦᠵᠡᠭᠦᠯᠦᠭᠰᠡᠨ ᠪᠥᠭᠡᠳ ᠪᠠᠰᠠ ᠪᠢ ᠤᠯᠠᠮᠵᠢᠯᠠᠯᠲᠤ ᠲᠡᠵᠢᠭᠡᠨ ᠦᠷᠡᠵᠢᠭᠦᠯᠬᠦ ᠠᠷᠭ᠎ᠠ ᠪᠠᠷ ᠣᠳᠣ ᠦᠶ᠎ᠡ ᠶᠢᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠢ ᠬᠡᠷᠡᠭᠯᠡᠪᠡᠯ ᠰᠠᠶ᠋ᠢ ᠥᠨᠳᠥᠷ ᠪᠦᠲᠦᠮᠵᠢᠲᠡᠢ ᠪᠠᠷ ᠮᠠᠯ ᠰᠠᠶᠢᠨ ᠲᠡᠵᠢᠭᠡᠵᠦ ᠴᠢᠳᠠᠨ᠎ᠠ ᠭᠡᠳᠡᠭ ᠢ ᠠᠭᠠᠵᠢᠮ ᠢᠶᠠᠷ ᠲᠠᠨᠢᠭᠤᠯᠤᠭᠰᠠᠨ ᠪᠠᠶᠢᠨ᠎ᠠ︾ ᠬᠡᠵᠤ ᠥᠪᠥᠷ ᠮᠣᠩᠭᠤᠯ ᠤᠨ ᠵᠢᠦ ᠹᠦ᠋ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠪᠠᠢ ᠢᠦᠢ ᠱᠠᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号