ᠪᠦᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/7/5
   7 ᠳ᠋ᠤᠭᠠᠷ ᠰᠠᠷ᠎ᠠ ᠶᠢᠨ 3 ᠤ ᠡᠳᠦᠷ᠂ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠬᠤ ᠬᠤᠷᠠᠯ ᠢ ᠣᠷᠳᠣᠰ ᠬᠤᠲᠠ ᠳᠤ ᠬᠤᠷᠠᠯᠳᠤᠭᠤᠯᠪᠠ᠃    ᠬᠤᠷᠠᠯ ᠳᠡᠭᠡᠷ᠎ᠡ ᠪᠥᠬᠦ ᠣᠷᠣᠨ ᠤ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠭᠰᠠᠨ ᠪᠠᠶᠢᠳᠠᠯ ᠢ ᠨᠡᠪᠲᠡᠷᠡᠭᠦᠯᠦᠨ ᠮᠡᠳᠡᠭᠡᠯᠡᠵᠦ᠂ ᠪᠥᠬᠦ ᠣᠷᠣᠨ ᠤ ᠡᠯ᠎ᠡ ᠠᠶᠢᠮᠠᠭ ᠬᠤᠲᠠ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠪᠠᠶᠢᠳᠠᠯ ᠤᠨ ᠲᠠᠯ᠎ᠠ ᠪᠠᠷ ᠰᠠᠨᠠᠯ ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃    ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠳᠡᠭᠡᠳᠦ ᠬᠡᠮᠵᠢᠶ᠎ᠡ ᠪᠠᠷ ᠠᠩᠬᠠᠷᠴᠤ᠂ ᠪᠥᠬᠦ ᠬᠦᠴᠦᠨ ᠢᠶᠠᠷ ᠢᠶᠠᠨ ᠠᠬᠢᠭᠤᠯᠵᠤ ᠪᠠᠶᠢᠭ᠎ᠠ ᠨᠢᠭᠡᠨ ᠴᠢᠬᠤᠯᠠ ᠶᠡᠭᠡ ᠢᠨᠵᠧᠨᠧᠷᠢᠩ ᠮᠥᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠨᠢ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠴᠢᠬᠤᠯᠠ ᠪᠦᠷᠢᠯᠳᠦᠭᠦᠨ ᠬᠡᠰᠡᠭ᠂ ᠮᠥᠨ ᠴᠤ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠪᠠ ᠵᠠᠰᠠᠭ ᠵᠠᠬᠢᠷᠭᠠᠨ ᠤ ᠦᠢᠯᠡᠳᠦᠯ ᠴᠢᠳᠠᠪᠤᠷᠢ ᠪᠠᠨ ᠳᠡᠭᠡᠭᠰᠢᠯᠡᠭᠦᠯᠬᠦ ᠬᠦᠴᠦᠲᠡᠢ ᠭᠠᠷᠳᠠᠴᠠ ᠶᠤᠮ᠃ ᠡᠨᠡ ᠵᠢᠯ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠶᠠᠪᠤᠴᠠ ᠳᠤ ᠪᠠᠨ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢ ᠲᠡᠷᠢᠭᠦᠨ ᠪᠠᠶᠢᠷᠢᠨ ᠳᠤ ᠲᠠᠯᠪᠢᠨ᠂ ᠬᠠᠷᠢᠭᠤᠴᠠᠯᠭᠠᠲᠤ ᠵᠠᠰᠠᠭ ᠤᠨ ᠣᠷᠳᠣᠨ᠂ ᠢᠯᠡ ᠲᠣᠳᠣ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠢ ᠵᠠᠰᠠᠭ ᠤᠨ ᠣᠷᠳᠣᠨ ᠢ ᠪᠥᠬᠦ ᠬᠦᠴᠦᠨ ᠢᠶᠠᠷ ᠢᠶᠠᠨ ᠪᠠᠶᠢᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶᠢᠴᠢᠯᠡᠭᠰᠡᠨ ᠡᠵᠡᠩᠨᠡᠨ ᠬᠤᠳᠠᠯᠳᠤᠭᠠᠯᠠᠬᠤ ᠣᠷᠴᠢᠨ ᠨᠥᠬᠦᠴᠡᠯ ᠢ ᠦᠷᠭᠦᠯᠵᠢᠯᠡᠨ ᠪᠣᠶ ᠪᠣᠯᠭᠠᠵᠤ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠲᠦᠮᠵᠢᠲᠡᠶ ᠠᠬᠢᠭᠤᠯᠤᠭᠰᠠᠨ ᠪᠠᠶᠢᠨ᠎ᠠ᠃    ᠬᠤᠷᠠᠯ ᠳᠡᠭᠡᠷ᠎ᠡ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠳ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠶᠢᠨ ᠤᠬᠠᠮᠰᠠᠷ ᠪᠠ ᠡᠭᠦᠷᠭᠡ ᠪᠠᠨ ᠪᠡᠶᠡᠯᠡᠭᠦᠯᠬᠦ ᠤᠬᠠᠮᠰᠠᠷ ᠢᠶᠠᠨ ᠴᠢᠩᠭᠠᠳᠬᠠᠵᠤ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠦᠨ᠂ ᠦᠨᠡᠨ ᠪᠣᠳᠠᠲᠠᠢ ᠠᠵᠢᠯ ᠤᠨ ᠦᠷ᠎ᠡ ᠪᠦᠲᠦᠮᠵᠢ ᠪᠠᠷ ᠢᠶᠠᠨ ᠬᠤᠷᠠᠯ ᠳᠡᠭᠡᠷ᠎ᠡ ᠪᠠᠶᠢᠷᠢᠯᠠᠭᠤᠯᠤᠭᠰᠠᠨ ᠡᠯ᠎ᠡ ᠵᠦᠢᠯ ᠤᠨ ᠡᠭᠦᠷᠭᠡ ᠨᠦᠭᠦᠳ ᠢ ᠰᠠᠶᠢᠲᠤᠷ ᠨᠠᠶᠢᠳᠠᠪᠤᠷᠢᠵᠢᠭᠤᠯᠬᠤ ᠶᠢᠨ ᠬᠠᠮᠲᠤ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠲᠤ ᠴᠠᠭ ᠲᠤᠬᠠᠢ ᠳᠤ ᠨᠢ ᠮᠡᠳᠡᠭᠦᠯᠬᠦ ᠬᠡᠷᠡᠭᠲᠡᠢ︔ ᠦᠵᠡᠵᠦ ᠰᠤᠷᠤᠯᠴᠠᠬᠤ ᠴᠡᠭ ᠪᠠ ᠲᠣᠰ ᠤᠳᠠᠭᠠᠨ ᠤ ᠠᠬᠢᠭᠤᠯᠬᠤ ᠬᠤᠷᠠᠯ ᠤᠨ ᠰᠠᠨᠠᠯ ᠢᠶᠠᠨ ᠰᠣᠯᠢᠯᠴᠠᠬᠤ ᠶᠠᠷᠢᠶᠠᠨ ᠳᠠᠬᠢ ᠰᠠᠶᠢᠨ ᠠᠷᠭ᠎ᠠ ᠬᠢᠳᠡᠯ ᠰᠠᠶᠢᠨ ᠲᠤᠷᠰᠢᠯᠭ᠎ᠠ ᠶᠢ ᠭᠦᠢᠴᠡᠳ ᠲᠣᠯᠢᠯᠠᠨ ᠰᠤᠷᠤᠯᠴᠠᠵᠤ᠂ ᠳᠠᠭᠤᠷᠢᠶᠠᠵᠤ ᠪᠣᠯᠬᠤᠶᠢᠴᠠ᠂ ᠳᠡᠯᠭᠡᠷᠡᠭᠦᠯᠵᠦ ᠪᠣᠯᠬᠤᠶᠢᠴᠠ ᠠᠷᠭ᠎ᠠ ᠵᠠᠮ ᠤᠳ ᠢ ᠳ᠋ᠦᠩᠨᠡᠨ ᠪᠣᠯᠪᠠᠰᠤᠷᠠᠭᠤᠯᠵᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠥᠪᠡᠷᠮᠢᠴᠡ ᠣᠨᠴᠠᠯᠢᠭ ᠲᠠᠢ ᠬᠢᠯᠠᠰ ᠴᠡᠭ ᠢ ᠡᠭᠦᠳᠦᠨ ᠪᠠᠶᠢᠭᠤᠯᠵᠤ᠂ ᠪᠣᠳᠠᠲᠠᠢ ᠶᠢ ᠨᠠᠩ ᠡᠷᠬᠢᠮᠯᠡᠭᠰᠡᠨ ᠦᠢᠯᠡᠳᠦᠯ ᠲᠠᠢ ᠰᠡᠳᠬᠢᠮᠵᠢ ᠠᠷᠭ᠎ᠠ ᠬᠡᠮᠵᠢᠶ᠎ᠡ ᠠᠪᠴᠤ ᠪᠠᠶᠢᠭᠠᠳ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠰᠢᠨ᠎ᠡ ᠪᠠᠶᠢᠳᠠᠯ ᠢ ᠨᠡᠭᠡᠭᠡᠨ᠂ ᠰᠢᠨ᠎ᠡ ᠰᠢᠪᠲᠤᠯᠤᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃    ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠣᠷᠳᠣᠰ ᠬᠤᠲᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ᠂ ᠡᠵᠡᠨ ᠬᠤᠷᠤᠭ᠎ᠠ ᠬᠤᠰᠢᠭᠤᠨ ᠤ ᠣᠶᠤᠨᠲᠤ ᠲᠠᠷᠢᠶᠠᠯᠠᠩ ᠤᠨ ᠪᠦᠲᠦᠭᠡᠭᠳᠡᠬᠦᠨ ᠤ ᠡᠳ᠋ ᠪᠣᠳᠠᠰ ᠤᠨ ᠭᠦᠢᠯᠭᠡᠭᠡᠨ ᠤ ᠬᠦᠷᠢᠶᠡᠯᠡᠩ᠂ ᠣᠷᠳᠣᠰ ᠬᠤᠲᠠ ᠶᠢᠨ ᠮᠠᠰᠢᠨ ᠲᠡᠷᠭᠡᠨ ᠤ ᠬᠠᠮᠢᠶᠠᠷᠤᠯᠲᠠ ᠶᠢᠨ ᠭᠠᠵᠠᠷ᠂ ᠬᠢᠶ᠎ᠠ ᠪᠠᠭᠰᠢ ᠲᠣᠭᠤᠷᠢᠭ ᠤᠨ ᠺᠠᠩ ᠴᠧᠩ ᠨᠡᠶᠢᠭᠡᠮ ᠲᠣᠭᠤᠷᠢᠭ ᠵᠡᠷᠭᠡ ᠭᠠᠵᠠᠷ ᠲᠤ ᠬᠦᠷᠴᠦ ᠲᠤᠬᠠᠢ ᠶᠢᠨ ᠭᠠᠵᠠᠷ ᠲᠤ ᠨᠢ ᠦᠵᠡᠵᠦ ᠰᠤᠷᠤᠯᠴᠠᠪᠠ᠃ ᠬᠤᠷᠠᠯ ᠤᠨ ᠳᠠᠷᠠᠭ᠎ᠠ ᠪᠠᠰᠠ ᠶᠠᠷᠢᠯᠴᠠᠬᠤ ᠬᠤᠷᠠᠯ ᠬᠤᠷᠠᠯᠳᠤᠭᠤᠯᠵᠤ᠂ ︽ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ ᠬᠠᠤᠯᠢ ᠶᠣᠰᠣᠭᠠᠷ ᠵᠠᠰᠠᠭ ᠶᠠᠪᠤᠭᠤᠯᠬᠤ ᠲᠦᠪᠰᠢᠨ ᠢ ᠦᠨᠡᠨ ᠬᠦ ᠳᠡᠭᠡᠭᠰᠢᠯᠡᠭᠦᠯᠬᠦ ᠲᠤᠬᠠᠢ ᠰᠠᠨᠠᠯ︾ ᠢ ᠲᠤᠰᠬᠠᠢ ᠰᠡᠳᠦᠪ ᠢᠶᠠᠷ ᠰᠣᠳᠤᠯᠤᠭᠰᠠᠨ ᠪᠥᠭᠡᠳ ᠰᠠᠨᠠᠯ ᠰᠠᠨᠠᠭᠤᠯᠭ᠎ᠠ ᠬᠤᠷᠢᠶᠠᠵᠠᠢ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号