ᠰᠢᠨᠬᠤᠸᠠ ᠬᠤᠷᠢᠶ᠎ᠠ ᠶᠢᠨ ᠠᠰᠲ᠋ᠠᠨᠠ ᠶᠢᠨ 7 ᠰᠠᠷ᠎ᠠ ᠶᠢᠨ 4 ᠤ ᠴᠠᠭᠢᠯᠭᠠᠨ ᠮᠡᠳᠡᠭᠡ ᠲᠤᠬᠠᠢ ᠶᠢᠨ ᠭᠠᠵᠠᠷ ᠤᠨ ᠴᠠᠭ ᠢᠶᠠᠷ | 7 ᠰᠠᠷ᠎ᠠ ᠶᠢᠨ 4 ᠤ ᠦᠳᠡ ᠶᠢᠨ ᠡᠮᠦᠨ᠎ᠡ᠂ ᠤᠯᠤᠰ ᠤᠨ ᠲᠡᠷᠢᠭᠦᠯᠡᠭᠴᠢ ᠰᠢ ᠶᠢᠨ ᠫᠢᠩ ᠠᠰᠲ᠋ᠠᠨᠠ ᠶᠢᠨ ᠲᠤᠰᠠᠭᠠᠷ | ᠲᠣᠭᠲᠠᠨᠢᠯ ᠤᠨ ᠣᠷᠳᠣᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ | ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ ᠬᠤᠷᠢᠨ ᠳᠥᠷᠪᠡᠳᠦᠭᠡᠷ ᠤᠳᠠᠭ᠎ᠠ ᠶᠢᠨ | ᠬᠤᠷᠠᠯ ᠳᠤ ᠣᠷᠣᠯᠴᠠᠪᠠ᠃ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠺᠠᠽᠠᠬᠰᠲ᠋ᠠᠨ ᠤ | ᠶᠡᠷᠦᠩᠬᠡᠶᠢᠯᠡᠭᠴᠢ ᠲᠦᠤᠤᠺᠠᠶᠧᠹ ᠬᠤᠷᠠᠯ ᠢ ᠡᠷᠭᠢᠯᠡᠵᠦ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠪᠦᠷᠢᠯᠳᠦᠭᠦᠨ ᠤᠯᠤᠰ ᠪᠤᠯᠬᠤ ᠪᠧᠯᠤᠷᠦ᠋ᠰᠢᠶ᠎ᠡ ᠶᠢᠨ ᠶᠡᠷᠦᠩᠬᠡᠶᠢᠯᠡᠭᠴᠢ ᠯᠦᠺᠠᠱᠧᠨᠺᠧ᠂ ᠺᠢᠷᠭᠢᠽᠰᠲ᠋ᠠᠨ ᠤ ᠶᠡᠷᠦᠩᠬᠡᠶᠢᠯᠡᠭᠴᠢ | ᠵᠠᠫᠠᠯᠤᠹ᠂ ᠫᠠᠺᠢᠰᠲ᠋ᠠᠨ ᠤ ᠶᠡᠷᠦᠩᠬᠡᠢ ᠰᠠᠶᠢᠳ ᠰᠢᠶᠠᠪᠠᠽᠢ᠂ ᠤᠷᠤᠰ ᠤᠨ ᠶᠡᠷᠦᠩᠬᠡᠶᠢᠯᠡᠭᠴᠢ ᠫᠦᠲ᠋ᠢᠨ᠂ ᠲᠠᠵᠢᠺᠰᠲ᠋ᠠᠨ ᠤ | ᠶᠡᠷᠦᠩᠬᠡᠶᠢᠯᠡᠭᠴᠢ ᠯᠠᠾᠧᠮᠧᠩ᠂ ᠦᠽᠪᠤᠺᠰᠲ᠋ᠠᠨ ᠤ ᠶᠡᠷᠦᠩᠬᠡᠶᠢᠯᠡᠭᠴᠢ ᠮᠢᠷᠵᠢᠶᠤᠤᠶᠧᠹ᠂ ᠢᠷᠠᠨ ᠤ ᠣᠷᠣᠯᠠᠭᠴᠢ | ᠶᠡᠷᠦᠩᠬᠡᠶᠢᠯᠡᠭᠴᠢ ᠮᠦᠾᠧᠪᠤᠶᠢᠷ ᠪᠣᠯᠣᠨ ᠡᠨᠡᠳᠬᠡᠭ ᠤᠨ ᠲᠥᠯᠥᠭᠡᠯᠡᠭᠴᠢ ᠵᠢᠴᠢ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠨᠠᠷᠢᠨ ᠪᠢᠴᠢᠭ ᠤᠨ ᠳᠠᠷᠤᠭ᠎ᠠ ᠨᠠᠷ ᠣᠷᠣᠯᠴᠠᠪᠠ᠃ | ᠰᠢ ᠶᠢᠨ ᠫᠢᠩ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ | ᠤᠳᠤᠷᠢᠳᠬᠤ ᠬᠥᠮᠥᠰ ᠲᠠᠢ ᠬᠠᠮᠲᠤ ᠭᠡᠷᠡᠯ ᠵᠢᠷᠤᠭ ᠲᠠᠲᠠᠭᠤᠯᠵᠤ᠂ ᠳᠠᠷᠠᠭ᠎ᠠ ᠨᠢ ᠲᠦᠷᠦᠭᠦᠴᠦᠳ ᠤᠨ ᠬᠡᠷᠡᠭ | ᠡᠷᠭᠢᠯᠡᠭᠴᠢᠳ ᠤᠨ ᠬᠤᠷᠠᠯ ᠳᠤ ᠣᠷᠣᠯᠴᠠᠪᠠ᠃ | ᠰᠢ ᠶᠢᠨ ᠫᠢᠩ ᠶᠠᠷᠢᠶᠠᠨ ᠳᠠᠭᠠᠨ ᠺᠠᠽᠠᠬᠰᠲ᠋ᠠᠨ ᠤ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠡᠭᠦᠷᠭᠡᠯᠡᠵᠦ | ᠪᠠᠶᠢᠭᠰᠠᠨ ᠬᠤᠭᠤᠴᠠᠭᠠᠨ ᠳᠤ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠵᠢᠯᠯᠠᠭᠠᠨ ᠤ | ᠲᠣᠭᠲᠠᠴᠠ ᠶᠢ ᠲᠡᠭᠦᠯᠳᠡᠷᠵᠢᠭᠦᠯᠬᠦ᠂ ᠡᠯ᠎ᠡ ᠬᠦᠷᠢᠶᠡᠨ ᠤ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠳᠤ ᠢᠳᠡᠪᠬᠢᠲᠡᠢ | ᠴᠢᠷᠮᠠᠶᠢᠯᠭ᠎ᠠ ᠪᠠ ᠴᠢᠬᠤᠯᠠ ᠬᠤᠪᠢ ᠨᠡᠮᠡᠷᠢ ᠦᠵᠡᠭᠦᠯᠦᠭᠰᠡᠨ ᠢ ᠳᠡᠭᠡᠳᠦ ᠬᠡᠮᠵᠢᠶ᠎ᠡ ᠪᠠᠷ ᠦᠨᠡᠯᠡᠵᠦ᠂ ᠪᠧᠯᠤᠷᠦ᠋ᠰᠢᠶ᠎ᠠ ᠠᠩᠬ᠎ᠠ | ᠤᠳᠠᠭ᠎ᠠ ᠪᠦᠷᠢᠯᠳᠦᠭᠦᠨ ᠤᠯᠤᠰ ᠤᠨ ᠬᠤᠪᠢ ᠪᠠᠷ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ | ᠲᠦᠷᠦᠭᠦᠴᠦᠳ ᠤᠨ ᠬᠤᠷᠠᠯ ᠳᠤ ᠣᠷᠣᠯᠴᠠᠬᠰᠠᠨ ᠢ ᠪᠠᠶᠠᠷᠯᠠᠨ ᠤᠭᠲᠤᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠡᠷᠢᠨ ᠵᠠᠭᠤᠨ ᠤ ᠠᠭᠤᠯᠵᠠᠷ ᠲᠤ | ᠪᠠᠶᠢᠭᠤᠯᠤᠭᠳᠠᠵᠤ᠂ ᠲᠤᠬᠠᠢ ᠶᠢᠨ ᠦᠶ᠎ᠡ ᠳᠤ ᠬᠦᠢᠲᠡᠨ ᠲᠠᠶᠢᠨ ᠤ ᠦᠯᠡᠳᠡᠭᠳᠡᠯ ᠪᠣᠯᠤᠭᠰᠠᠨ ᠡᠰᠡᠷᠭᠦᠴᠡᠯᠳᠦᠯ ᠪᠣᠯᠣᠨ | ᠬᠠᠭᠠᠴᠠᠯ ᠢ ᠬᠠᠷᠠᠬᠠᠨ ᠠᠷᠢᠯᠭᠠᠬᠤ ᠴᠢᠬᠤᠯᠠᠲᠠᠢ ᠪᠠᠶᠢᠪᠠ᠃ ᠲᠤᠰ ᠵᠣᠬᠢᠶᠠᠨ ᠪᠠᠶᠢᠭᠤᠯᠤᠯᠲᠠ ᠶᠢᠨ ᠡᠭᠦᠰᠬᠡᠨ ᠪᠠᠶᠢᠭᠤᠯᠤᠭᠰᠠᠨ | ᠪᠦᠷᠢᠯᠳᠦᠭᠦᠨ ᠲᠡᠦᠬᠡ ᠶᠢᠨ ᠰᠣᠩᠭᠤᠯᠲᠠ ᠬᠢᠵᠦ᠂ ᠡᠩᠬᠡ ᠲᠠᠶᠢᠪᠤᠩ ᠬᠥᠭᠵᠢᠯᠲᠡ ᠶᠢ ᠬᠥᠭᠡᠭᠡᠴᠡᠯᠳᠦᠵᠦ᠂ ᠡᠶᠡᠯᠳᠡᠭ | ᠬᠥᠷᠰᠢ ᠶᠢᠨ ᠨᠥᠭᠦᠷᠰᠡᠭ ᠬᠠᠷᠢᠯᠴᠠᠭ᠎ᠠ ᠪᠠᠶᠢᠭᠤᠯᠬᠤ ᠪᠠᠷ ᠴᠢᠷᠮᠠᠶᠢᠵᠤ᠂ ᠰᠢᠨ᠎ᠡ ᠭᠡᠯᠪᠡᠷᠢ ᠶᠢᠨ ᠤᠯᠠᠨ ᠤᠯᠤᠰ ᠤᠨ | ᠬᠠᠷᠢᠯᠴᠠᠭ᠎ᠠ ᠶᠢ ᠪᠠᠶᠢᠭᠤᠯᠵᠤ᠂ ︽ᠱᠠᠩᠬᠠᠢ ᠶᠢᠨ ᠵᠣᠷᠢᠭ ᠰᠠᠨᠠᠭ᠎ᠠ︾ ᠨᠢ ᠪᠦᠷᠢᠯᠳᠦᠭᠦᠨ ᠤᠯᠤᠰ ᠤᠳ ᠤᠨ ᠬᠠᠮᠲᠤ ᠶᠢᠨ | ᠦᠷᠳᠡᠭ ᠤᠨ ᠵᠢᠷᠤᠮᠯᠠᠯ ᠪᠠ ᠠᠵᠢᠯᠯᠠᠭᠠᠨ ᠤ ᠴᠢᠭᠯᠡᠯᠲᠡ ᠪᠣᠯᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠪᠠᠶᠢᠭᠤᠯᠤᠭᠳᠠᠭᠰᠠᠨ 23 ᠵᠢᠯ ᠤᠨ ᠲᠠᠷᠠᠭ᠎ᠠ᠂ ᠪᠦᠷᠢᠯᠳᠦᠭᠦᠨ ᠤᠯᠤᠰ 10 ᠪᠣᠯᠣᠨ ᠨᠡᠮᠡᠭᠳᠡᠵᠦ᠂ ︽ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠶᠡᠭᠡ ᠭᠡᠷ ᠪᠦᠯᠢ︾ ᠭᠤᠷᠪᠠᠨ ᠲᠢᠪ ᠤᠨ 26 ᠤᠯᠤᠰ ᠢ | ᠬᠠᠮᠤᠷᠴᠤ᠂ ᠬᠠᠨᠢᠲᠠᠨ ᠶᠠᠪᠤᠬᠤ ᠲᠤᠳᠤᠮ ᠣᠯᠠᠰᠢᠷᠠᠵᠤ᠂ ᠬᠠᠮᠲᠤᠷᠠᠯᠴᠠᠭᠠᠨ ᠤ ᠰᠠᠭᠤᠷᠢ ᠨᠡᠩ ᠪᠠᠬᠢᠵᠢᠪᠡ᠃ ᠣᠳᠣᠬᠠᠨ ᠳᠤ | ᠳᠡᠯᠡᠬᠡᠢ ᠶᠢᠷᠲᠢᠨᠴᠦ ᠶᠢᠨ ᠵᠠᠭᠤᠨ ᠵᠢᠯ ᠤᠨ ᠬᠤᠪᠢᠰᠤᠯᠲᠠ ᠲᠦᠷᠭᠡᠰᠦᠨ ᠬᠥᠭᠵᠢᠵᠦ᠂ ᠬᠥᠮᠥᠨ ᠲᠥᠷᠥᠯᠬᠢᠲᠡᠨ ᠤ ᠨᠡᠶᠢᠭᠡᠮ | ᠳᠠᠬᠢᠨᠲᠠ ᠲᠡᠦᠬᠡ ᠶᠢᠨ ᠲᠣᠨᠣᠯᠵᠢᠨ ᠵᠠᠮ ᠳᠤ ᠵᠣᠭᠰᠣᠪᠠ᠃ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ | ᠲᠡᠦᠬᠡ ᠶᠢᠨ ᠵᠥᠪ ᠲᠠᠯ᠎ᠠ ᠳᠤ ᠵᠣᠭᠰᠣᠵᠤ᠂ ᠲᠥᠪ ᠭᠤᠣᠯᠴᠢ ᠰᠢᠳᠤᠷᠭᠤ ᠶᠣᠰᠣᠨ ᠤ ᠲᠠᠯ᠎ᠠ ᠳᠤ ᠵᠣᠬᠰᠣᠬᠤ ᠨᠢ | ᠳᠡᠯᠡᠬᠡᠢ ᠳᠤ ᠲᠦᠢᠯ ᠤᠨ ᠴᠢᠬᠤᠯᠠ ᠶᠤᠮ᠃ | ᠬᠦᠢᠲᠡᠨ ᠲᠠᠶᠢᠨ ᠤ ᠰᠡᠳᠬᠢᠬᠦᠢ ᠶᠢᠨ ᠪᠣᠳᠠᠲᠤ ᠰᠦᠷᠳᠡᠭᠦᠯᠦᠯ ᠤᠨ ᠡᠮᠦᠨ᠎ᠡ᠂ ᠪᠢᠳᠡ ᠠᠮᠤᠷ ᠲᠦᠪᠰᠢᠨ ᠤ ᠬᠤᠷᠢᠭ᠎ᠠ | ᠱᠤᠭᠤᠮ ᠢ ᠪᠠᠲᠤ ᠰᠠᠬᠢᠶ᠎ᠠ᠃ ᠬᠠᠮᠲᠤ ᠶᠢᠨ᠂ ᠶᠡᠷᠦᠩᠬᠡᠶᠢᠯᠡᠭᠰᠡᠨ᠂ ᠬᠠᠮᠲᠤᠷᠠᠯᠴᠠᠭᠰᠠᠨ᠂ ᠦᠷᠭᠦᠯᠵᠢᠯᠡᠬᠦ ᠠᠮᠤᠷ ᠲᠦᠪᠰᠢᠨ ᠤ | ᠦᠵᠡᠯᠲᠡ ᠶᠢ ᠪᠠᠷᠢᠮᠲᠠᠯᠠᠨ ᠦᠢᠯᠡᠳᠦᠯᠭᠡᠵᠢᠭᠦᠯᠵᠦ᠂ ᠶᠠᠷᠢᠯᠴᠠᠭ᠎ᠠ ᠪᠠ ᠬᠠᠮᠵᠢᠯᠴᠠᠭ᠎ᠠ ᠪᠠᠷ ᠨᠠᠷᠢᠨ ᠪᠤᠳᠤᠯᠢᠶᠠᠨᠲᠠᠢ | ᠰᠣᠯᠪᠢᠴᠠᠭᠰᠠᠨ ᠠᠮᠤᠷ ᠲᠦᠪᠰᠢᠨ ᠤ ᠥᠷᠢᠰᠦᠯᠳᠦᠭᠡᠨ ᠢ ᠠᠷᠭᠠᠴᠠᠭᠠᠵᠤ᠂ ᠬᠠᠮᠲᠤ ᠪᠠᠷ ᠠᠰᠢᠭ ᠭᠦᠷᠳᠡᠭᠦ ᠰᠡᠳᠬᠢᠬᠦᠢ ᠪᠠᠷ | ᠭᠦᠨᠵᠡᠭᠡᠢ ᠲᠣᠬᠢᠷᠠᠭᠤᠯᠤᠯᠲᠠ ᠬᠢᠭᠰᠡᠨ ᠣᠯᠠᠨ ᠤᠯᠤᠰ ᠤᠨ ᠪᠠᠶᠢᠷᠢᠰᠢᠯ ᠢ ᠠᠷᠭᠠᠴᠠᠭᠠᠵᠤ᠂ ᠥᠨᠢ ᠤᠳᠠᠭᠠᠨ ᠡᠩᠬᠡ ᠲᠠᠶᠢᠪᠤᠩ | ᠂ ᠨᠡᠶᠢᠳᠡᠮ ᠳᠡᠭᠡᠨ ᠠᠮᠤᠷ ᠲᠦᠪᠰᠢᠨ ᠳᠡᠯᠡᠬᠡᠢ ᠶᠢᠷᠲᠢᠨᠴᠦ ᠶᠢ ᠬᠠᠮᠲᠤ ᠪᠠᠷ ᠪᠦᠲᠦᠭᠡᠨ ᠪᠠᠶᠢᠭᠤᠯᠤᠶ᠎ᠠ᠃ | ︽ᠪᠠᠭ᠎ᠠ ᠬᠦᠷᠢᠶ᠎ᠡ ᠥᠨᠳᠥᠷ ᠬᠡᠷᠡᠮ︾ ᠤᠨ ᠪᠣᠳᠠᠲᠤ ᠠᠶᠤᠯ ᠲᠦᠭᠰᠢᠭᠦᠷᠢ ᠶᠢᠨ ᠡᠮᠦᠨ᠎ᠡ᠂ ᠪᠢᠳᠡ ᠬᠥᠭᠵᠢᠯᠲᠡ ᠶᠢᠨ | ᠡᠷᠬᠡ ᠪᠠᠨ ᠬᠠᠮᠠᠭᠠᠯᠠᠶ᠎ᠠ᠃ ᠲᠦᠭᠡᠮᠡᠯ ᠬᠠᠷᠠᠭᠠᠯᠵᠠᠯ ᠲᠠᠢ ᠪᠠᠭᠲᠠᠭᠠᠮᠵᠢᠲᠠᠢ ᠪᠠᠶᠢᠬᠤ ᠶᠢ ᠪᠠᠷᠢᠮᠲᠠᠯᠠᠵᠤ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠭᠠᠷ ᠬᠤᠯᠪᠣᠯᠴᠠᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ | ᠬᠠᠩᠭᠠᠯᠭ᠎ᠠ ᠶᠢᠨ ᠬᠡᠯᠬᠢᠶ᠎ᠡ ᠶᠢᠨ ᠲᠣᠭᠲᠠᠭᠤᠨ ᠪᠥᠭᠡᠳ ᠰᠠᠭᠠᠳ ᠦᠭᠡᠢ ᠨᠡᠪᠲᠡᠷᠡᠬᠦ ᠶᠢ ᠬᠠᠮᠠᠭᠠᠯᠠᠵᠤ᠂ ᠭᠠᠵᠠᠷ ᠣᠷᠣᠨ ᠤ | ᠠᠵᠤ ᠠᠬᠤᠢ ᠶᠢᠨ ᠳᠣᠲᠣᠭᠠᠳᠤ ᠬᠥᠳᠡᠯᠭᠡᠬᠦ ᠬᠦᠴᠦᠨ ᠢ ᠬᠥᠭᠵᠢᠭᠡᠵᠦ᠂ ᠬᠠᠮᠲᠤ ᠪᠠᠷ ᠬᠥᠭᠵᠢᠬᠦ ᠬᠠᠷᠠᠯᠲᠠ ᠶᠢ | ᠪᠡᠶᠡᠯᠡᠭᠦᠯᠬᠦ ᠶᠢ ᠠᠬᠢᠭᠤᠯᠤᠶ᠎ᠠ᠃ | ᠭᠠᠷ ᠲᠦᠷᠦᠵᠤ ᠬᠠᠭᠠᠴᠠᠭᠤᠯᠬᠤ ᠪᠣᠳᠠᠲᠤ ᠥᠷᠢᠰᠦᠯᠳᠦᠭᠡᠨ ᠤ ᠡᠮᠦᠨ᠎ᠡ᠂ ᠪᠢᠳᠡ ᠪᠦᠯᠬᠦᠮᠳᠡᠯ ᠤᠨ ᠬᠦᠴᠦᠨ ᠢᠶᠠᠨ | ᠪᠠᠬᠢᠵᠢᠭᠦᠯᠦᠶ᠎ᠡ᠃ ᠭᠠᠳᠠᠭᠠᠳᠤ ᠶᠢᠨ ᠭᠠᠷ ᠲᠦᠷᠦᠭᠦ ᠶᠢ ᠭᠠᠷ ᠬᠤᠯᠪᠣᠯᠴᠠᠨ ᠡᠰᠡᠷᠭᠦᠴᠡᠵᠦ᠂ ᠬᠠᠷᠢᠯᠴᠠᠨ ᠡᠷᠡᠰ ᠳᠡᠮᠵᠢᠯᠴᠡᠵᠦ᠂ | ᠲᠤᠰ ᠲᠤᠰ ᠤᠨ ᠠᠩᠬᠠᠷᠴᠤ ᠪᠠᠶᠢᠭ᠎ᠠ ᠠᠰᠠᠭᠤᠳᠠᠯ ᠢᠶᠠᠨ ᠬᠠᠷᠠᠭᠠᠯᠵᠠᠵᠤ᠂ ᠡᠶ᠎ᠡ ᠨᠠᠶᠢᠷᠲᠠᠢ ᠪᠠᠶᠢᠬᠤ ᠪᠠᠷ ᠳᠣᠲᠣᠭᠠᠳᠤ ᠶᠢᠨ | ᠵᠥᠷᠢᠯᠳᠦᠭᠡᠨ ᠢᠶᠠᠨ ᠰᠢᠢᠳᠪᠦᠷᠢᠯᠡᠵᠦ᠂ ᠠᠳᠠᠯᠢ ᠲᠠᠯ᠎ᠠ ᠪᠠᠨ ᠨᠢᠭᠡᠳᠬᠡᠨ ᠵᠥᠷᠢᠶ᠎ᠡ ᠪᠠᠨ ᠠᠷᠢᠯᠭᠠᠵᠤ ᠬᠠᠮᠲᠤᠷᠠᠯᠴᠠᠭᠠᠨ ᠤ | ᠬᠦᠴᠢᠷ ᠠᠰᠠᠭᠤᠳᠠᠯ ᠢ ᠰᠢᠢᠳᠪᠦᠷᠢᠯᠡᠵᠦ᠂ ᠲᠤᠰ ᠤᠯᠤᠰ ᠤᠨ ᠢᠷᠡᠭᠡᠳᠦᠢ ᠬᠤᠪᠢ ᠵᠠᠶᠠᠭ᠎ᠠ᠂ ᠭᠠᠵᠠᠷ ᠣᠷᠣᠨ ᠤ ᠡᠩᠬᠡ | ᠲᠠᠶᠢᠪᠤᠩ ᠬᠥᠭᠵᠢᠯᠲᠡ ᠶᠢ ᠥᠪᠡᠷ ᠤᠨ ᠭᠠᠷ ᠲᠠᠭᠠᠨ ᠪᠠᠲᠤ ᠡᠵᠡᠮᠳᠡᠶ᠎ᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠡᠯᠡᠬᠡᠢ ᠶᠢᠨ ᠪᠠᠶᠢᠳᠠᠯ ᠤᠨ ᠤᠷᠪᠠᠭᠠᠨ | ᠬᠥᠷᠪᠡᠭᠡᠨ ᠲᠠᠢ ᠪᠠᠶᠢᠳᠠᠯ ᠤᠨ ᠰᠢᠯᠭᠠᠯᠲᠠ ᠶᠢ ᠳᠠᠭᠠᠭᠠᠵᠤ ᠴᠢᠳᠠᠭᠰᠠᠨ ᠤ ᠦᠨᠳᠦᠰᠦ ᠰᠤᠷᠪᠤᠯᠵᠢ ᠨᠢ ᠪᠢᠳᠠ ᠪᠦᠯᠬᠦᠮᠳᠡᠨ | ᠬᠠᠮᠵᠢᠯᠴᠠᠬᠤ ᠰᠢᠯᠢᠳᠡᠭ ᠤᠯᠠᠮᠵᠢᠯᠠᠯ᠂ ᠡᠷᠬᠡ ᠲᠡᠭᠰᠢ ᠬᠠᠷᠢᠯᠴᠠᠨ ᠠᠰᠢᠭᠲᠠᠢ ᠬᠠᠮᠲᠤᠷᠠᠯᠴᠠᠭᠠᠨ ᠤ ᠶᠣᠰᠣ᠂ ᠲᠥᠪ ᠭᠤᠣᠯᠴᠢ | ᠰᠢᠳᠤᠷᠭᠤ ᠶᠣᠰᠣᠨ ᠤ ᠦᠷᠳᠡᠭ ᠤᠨ ᠬᠥᠭᠡᠭᠡᠴᠡᠯᠳᠦᠯ᠂ ᠪᠠᠭᠲᠠᠭᠠᠮᠵᠢᠲᠠᠢ ᠬᠠᠷᠢᠯᠴᠠᠨ ᠲᠣᠯᠢ ᠪᠤᠯᠭᠠᠬᠤ ᠠᠭᠤᠳᠠᠮᠴᠢ | ᠪᠤᠳᠤᠯ ᠢ ᠢᠮᠠᠭᠲᠠ ᠪᠠᠷᠢᠮᠲᠠᠯᠠᠭᠰᠠᠨ ᠳᠤ ᠪᠤᠢ᠃ ᠪᠢᠳᠡ ᠤᠭ ᠰᠠᠨᠠᠭ᠎ᠠ ᠪᠠᠨ ᠪᠠᠲᠤ ᠰᠠᠬᠢᠵᠤ᠂ ︽ᠱᠠᠩᠬᠠᠢ ᠶᠢᠨ ᠵᠣᠷᠢᠭ | ᠰᠠᠨᠠᠭ᠎ᠠ︾ ᠶᠢᠨ ᠲᠤᠭ ᠢ ᠦᠷᠭᠦᠯᠵᠢᠯᠡᠨ ᠥᠨᠳᠥᠷ ᠮᠠᠨᠳᠤᠭᠤᠯᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ | ᠬᠠᠷᠢᠯᠴᠠᠨ ᠠᠮᠵᠢᠯᠲᠠ ᠣᠯᠵᠤ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠬᠥᠭᠵᠢᠯᠲᠡ ᠶᠢᠨ | ᠴᠢᠭᠯᠡᠯ ᠢ ᠬᠠᠮᠲᠤ ᠪᠠᠷ ᠲᠣᠭᠲᠠᠭᠤᠨ ᠡᠵᠡᠮᠳᠡᠵᠦ᠂ ᠲᠤᠰ ᠵᠣᠬᠢᠶᠠᠨ ᠪᠠᠶᠢᠭᠤᠯᠤᠯᠲᠠ ᠶᠢ ᠪᠦᠷᠢᠯᠳᠦᠭᠦᠨ ᠤᠯᠤᠰ ᠤᠨ | ᠬᠠᠮᠲᠤ ᠶᠢᠨ ᠬᠥᠭᠵᠢᠯ ᠴᠡᠴᠡᠭᠯᠡᠯ ᠢ ᠪᠡᠶᠡᠯᠡᠭᠦᠯᠬᠦ ᠨᠠᠶᠢᠳᠠᠪᠤᠷᠢᠲᠠᠢ ᠲᠦᠰᠢᠭ ᠲᠤᠯᠭᠠᠭᠤᠷᠢ ᠪᠣᠯᠭᠠᠶ᠎ᠠ ᠭᠡᠵᠦ ᠴᠢᠬᠤᠯᠠᠴᠢᠯᠠᠪᠠ᠃ | ᠬᠤᠷᠠᠯ ᠳᠤ ᠣᠷᠣᠯᠴᠠᠬᠰᠠᠨ ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠭᠠᠵᠠᠷ ᠣᠷᠣᠨ ᠤ ᠡᠩᠬᠡ ᠲᠠᠶᠢᠪᠤᠩ ᠪᠣᠯᠣᠨ ᠠᠮᠤᠷ ᠲᠦᠪᠰᠢᠨ ᠢ | ᠬᠠᠮᠠᠭᠠᠯᠠᠬᠤ ᠳᠤ ᠦᠵᠡᠭᠦᠯᠦᠭᠰᠡᠨ ᠪᠦᠲᠦᠭᠡᠯᠴᠢ ᠴᠢᠨᠠᠷᠲᠠᠢ ᠦᠢᠯᠡᠳᠦᠯ ᠢ ᠢᠳᠡᠪᠬᠢᠲᠡᠢ ᠦᠨᠡᠯᠡᠵᠦ᠂ ᠠᠷᠠᠯᠵᠢᠶ᠎ᠠ᠂ ᠵᠠᠮ | ᠬᠠᠷᠢᠯᠴᠠᠭ᠎ᠠ᠂ ᠡᠨᠧᠷᠭᠢ᠂ ᠮᠥᠩᠭᠦᠨ ᠭᠦᠢᠯᠭᠡᠭᠡ᠂ ᠬᠥᠳᠡᠭᠡ ᠠᠵᠤ ᠠᠬᠤᠢ᠂ ᠲᠣᠭᠠᠴᠢᠯᠠᠭᠰᠠᠨ ᠠᠵᠤ ᠠᠬᠤᠢ᠂ ᠰᠢᠨᠵᠢᠯᠡᠬᠦ | ᠤᠬᠠᠭᠠᠨ ᠲᠦ᠋ᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠬᠦᠷᠢᠶᠡᠨ ᠤ ᠬᠠᠮᠲᠤᠷᠠᠯᠴᠠᠭ᠎ᠠ ᠶᠢ ᠴᠢᠨᠠᠭᠰᠢᠳᠠ | ᠴᠢᠩᠭᠠᠳᠬᠠᠵᠤ᠂ ᠰᠤᠷᠭᠠᠨ ᠬᠥᠮᠦᠵᠢᠯ᠂ ᠰᠣᠶᠣᠯ᠂ ᠵᠢᠭᠤᠯᠴᠢᠯᠠᠯ᠂ ᠵᠠᠯᠠᠭᠤᠴᠤᠳ ᠵᠡᠷᠭᠡ ᠰᠣᠶᠣᠯ ᠢᠷᠭᠡᠨᠰᠢᠯ ᠤᠨ | ᠰᠣᠯᠢᠯᠴᠠᠭ᠎ᠠ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠦᠨ᠎ᠡ ᠭᠡᠵᠦ ᠢᠯᠡᠳᠬᠡᠪᠡ᠃ ᠤᠳᠤᠷᠢᠳᠬᠤ ᠬᠥᠮᠥᠰ᠂ ᠣᠳᠣᠬᠠᠨ ᠤ | ᠳᠡᠯᠡᠬᠡᠢ ᠶᠢᠨ ᠤᠯᠤᠰ ᠲᠦᠷᠦ᠂ ᠠᠵᠤ ᠠᠬᠤᠢ ᠶᠢᠨ ᠪᠠᠶᠢᠳᠠᠯ ᠵᠢᠴᠢ ᠤᠯᠠᠨ ᠤᠯᠤᠰ ᠤᠨ ᠬᠠᠷᠢᠯᠴᠠᠭ᠎ᠠ ᠶᠠᠭ ᠴᠢᠬᠤᠯᠠ ᠶᠡᠭᠡ | ᠬᠤᠪᠢᠰᠤᠯᠲᠠ ᠶᠢ ᠥᠩᠭᠡᠷᠡᠭᠡᠵᠦ ᠪᠠᠶᠢᠨ᠎ᠠ᠂ ᠤᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠭᠤᠣᠯ ᠵᠣᠬᠢᠴᠠᠭᠤᠯᠬᠤ | ᠦᠢᠯᠡᠳᠦᠯ ᠢᠶᠠᠨ ᠪᠠᠳᠠᠷᠠᠭᠤᠯᠵᠤ᠂ ᠨᠡᠩ ᠲᠥᠯᠥᠭᠡᠯᠡᠬᠦ ᠴᠢᠨᠠᠷᠲᠠᠢ᠂ ᠨᠡᠩ ᠠᠷᠠᠳᠴᠢᠯᠠᠯ ᠲᠠᠢ ᠲᠥᠪ ᠭᠤᠣᠯᠴᠢ ᠤᠯᠠᠨ | ᠲᠦᠢᠯᠲᠤ ᠳᠡᠯᠡᠬᠡᠢ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠲᠦᠭᠡᠮᠡᠯ ᠬᠠᠷᠠᠭᠠᠯᠵᠠᠯᠲᠤ ᠪᠠᠭᠲᠠᠭᠠᠮᠵᠢᠲᠠᠢ ᠠᠵᠤ | ᠠᠬᠤᠢ ᠶᠢᠨ ᠳᠡᠯᠡᠬᠡᠶᠢᠵᠢᠯᠲᠡ ᠶᠢ ᠠᠬᠢᠭᠤᠯᠪᠠᠯ ᠵᠣᠬᠢᠨ᠎ᠠ᠃ ᠡᠯ᠎ᠡ ᠤᠯᠤᠰ ᠤᠨ ᠵᠦᠢ ᠶᠣᠰᠣᠨ ᠤ ᠠᠮᠤᠷ ᠲᠦᠪᠰᠢᠨ ᠤ | ᠠᠩᠬᠠᠷᠤᠯ ᠲᠠᠯᠪᠢᠵᠤ ᠪᠠᠶᠢᠭ᠎ᠠ ᠠᠰᠠᠭᠤᠳᠠᠯ ᠢ ᠭᠦᠨᠳᠦᠳᠭᠡᠵᠦ᠂ ᠤᠯᠤᠰ ᠤᠨ ᠬᠤᠭᠤᠷᠣᠨᠳᠣᠭᠢ ᠵᠥᠷᠢᠯᠳᠦᠭᠡᠨ | ᠵᠢᠭᠤᠷᠠᠯᠳᠤᠭᠠᠨ ᠢ ᠨᠠᠶᠢᠷᠠᠮᠳᠠᠯ ᠢᠶᠠᠷ ᠰᠢᠢᠳᠪᠦᠷᠢᠯᠡᠬᠦ ᠪᠠᠷ ᠴᠢᠷᠮᠠᠶᠢᠵᠤ᠂ ᠭᠠᠭᠴᠠ ᠲᠠᠯ᠎ᠠ ᠶᠢᠨ ᠵᠠᠯᠬᠠᠭᠠᠯ ᠢ ᠡᠰᠡᠷᠭᠦᠴᠡᠵᠦ᠂ | ᠪᠤᠰᠤᠳ ᠤᠯᠤᠰ ᠤᠨ ᠳᠣᠲᠣᠭᠠᠳᠤ ᠶᠠᠪᠤᠳᠠᠯ ᠳᠤ ᠭᠠᠷ ᠲᠦᠷᠦᠭᠦ ᠶᠢ ᠡᠰᠡᠷᠭᠦᠴᠡᠪᠡᠯ ᠵᠣᠬᠢᠨ᠎ᠠ᠃ ᠤᠳᠤᠷᠢᠳᠬᠤ ᠬᠥᠮᠥᠰ | ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠠᠮᠤᠷ ᠲᠦᠪᠰᠢᠨ ᠤ ᠰᠦᠷᠳᠡᠭᠦᠯᠦᠯ ᠪᠠ | ᠥᠷᠢᠰᠦᠯᠳᠦᠭᠡᠨ ᠢ ᠠᠷᠭᠠᠴᠠᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ︽ᠭᠤᠷᠪᠠᠨ ᠵᠦᠢᠯ ᠤᠨ ᠬᠦᠴᠦᠨ︾᠂ ᠬᠤᠣᠷ | ᠰᠠᠷᠢᠭᠠᠯᠠᠬᠤ ᠪᠠ ᠤᠯᠤᠰ ᠠᠯᠤᠰᠯᠠᠭᠰᠠᠨ ᠵᠣᠬᠢᠶᠠᠨ ᠪᠠᠶᠢᠭᠤᠯᠤᠯᠲᠠ ᠲᠠᠢ ᠶᠠᠯᠠᠲᠤ ᠠᠵᠢᠯᠯᠠᠭ᠎ᠠ ᠳᠤ ᠡᠷᠡᠰ ᠴᠣᠬᠢᠯᠲᠠ ᠥᠭᠴᠦ | ᠂ ᠳᠡᠯᠡᠬᠡᠢ ᠨᠡᠶᠢᠭᠡᠮ ᠤᠨ ᠬᠢᠨ ᠤ ᠠᠹᠭᠠᠨᠢᠰᠲ᠋ᠠᠨ ᠤ ᠡᠩᠬᠡ ᠲᠠᠶᠢᠪᠤᠩ᠂ ᠬᠥᠭᠵᠢᠯᠲᠡ ᠶᠢ ᠪᠡᠶᠡᠯᠡᠭᠦᠯᠬᠦ ᠶᠢᠨ ᠲᠥᠯᠥᠭᠡ | ᠭᠠᠷᠭᠠᠭᠰᠠᠨ ᠴᠢᠷᠮᠠᠶᠢᠯᠭ᠎ᠠ ᠶᠢ ᠳᠡᠮᠵᠢᠵᠦ᠂ ︽ᠬᠤᠶᠠᠷ ᠤᠯᠤᠰ ᠤᠨ ᠲᠥᠰᠥᠯ︾ ᠳᠤ ᠰᠠᠭᠤᠷᠢᠯᠠᠨ ᠫᠠᠯᠧᠰᠲ᠋ᠠᠶᠢᠨ ᠤ | ᠠᠰᠠᠭᠤᠳᠠᠯ ᠢ ᠪᠦᠭᠦ ᠲᠠᠯ᠎ᠠ ᠪᠠᠷ᠂ ᠲᠥᠪ ᠭᠤᠣᠯᠴᠢ ᠪᠠᠷ ᠰᠢᠢᠳᠪᠦᠷᠢᠯᠡᠬᠦ ᠶᠢ ᠳᠡᠮᠵᠢᠪᠡᠯ ᠵᠣᠬᠢᠨ᠎ᠠ ᠭᠡᠵᠦ ᠦᠵᠡᠵᠡᠭᠡᠪᠡ᠃ | ᠪᠦᠷᠢᠯᠳᠦᠭᠦᠨ ᠤᠯᠤᠰ ᠤᠳ ᠤᠨ ᠤᠳᠤᠷᠢᠳᠬᠤ ᠬᠥᠮᠥᠰ ︽ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠪᠦᠷᠢᠯᠳᠦᠭᠦᠨ ᠤᠯᠤᠰ ᠤᠳ ᠤᠨ ᠲᠦᠷᠦᠭᠦᠴᠦᠳ ᠤᠨ ᠬᠡᠷᠡᠭ ᠡᠷᠭᠢᠯᠡᠭᠴᠢᠳ ᠤᠨ ᠬᠤᠷᠠᠯ ᠤᠨ | ᠠᠰᠲ᠋ᠠᠨᠠ ᠶᠢᠨ ᠲᠤᠩᠬᠠᠭ︾ ᠲᠤ ᠭᠠᠷ ᠤᠨ ᠦᠰᠦᠭ ᠵᠢᠷᠤᠬᠤ ᠶᠢᠨ ᠬᠠᠮᠲᠤ ᠨᠡᠶᠢᠲᠡᠯᠡᠵᠦ᠂ ᠱᠠᠩᠬᠠᠢ ᠶᠢᠨ ᠬᠠᠮᠲᠤᠷᠠᠯᠴᠠᠭᠠᠨ ᠤ | ᠵᠣᠬᠢᠶᠠᠨ ᠪᠠᠶᠢᠭᠤᠯᠤᠯᠲᠠ ᠶᠢᠨ ᠡᠯ᠎ᠡ ᠤᠯᠤᠰ ᠪᠦᠯᠬᠦᠮᠳᠡᠨ ᠬᠠᠮᠲᠤ ᠪᠠᠷ ᠢᠶᠠᠨ ᠳᠡᠯᠡᠬᠡᠢ ᠶᠢᠨ ᠲᠥᠪ ᠭᠤᠣᠯᠴᠢ᠂ ᠡᠶ᠎ᠡ | ᠨᠠᠶᠢᠷᠠᠮᠳᠠᠭᠤ᠂ ᠬᠥᠭᠵᠢᠯᠲᠡ ᠶᠢ ᠠᠬᠢᠭᠤᠯᠬᠤ ᠲᠤᠬᠠᠢ ᠰᠠᠨᠠᠭᠠᠴᠢᠯᠠᠭ᠎ᠠ᠂ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ | ᠪᠠᠶᠢᠭᠤᠯᠤᠯᠲᠠ ᠶᠢᠨ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠬᠦ ᠲᠤᠬᠠᠢ ᠰᠠᠨᠠᠭᠤᠯᠭ᠎ᠠ᠂ ᠡᠶᠡᠯᠳᠡᠭ ᠬᠥᠷᠰᠢ ᠶᠢᠨ | ᠢᠲᠡᠭᠡᠯᠴᠡᠭᠡ ᠪᠠ ᠬᠠᠨᠢᠲᠠᠨ ᠤ ᠬᠠᠷᠢᠯᠴᠠᠭ᠎ᠠ ᠶᠢᠨ ᠵᠠᠷᠴᠢᠮ ᠤᠨ ᠲᠤᠬᠠᠢ ᠢᠯᠡᠷᠬᠡᠶᠢᠯᠡᠯᠲᠡ ᠵᠢᠴᠢ ᠡᠨᠧᠷᠭᠢ᠂ ᠪᠡᠯᠡ | ᠣᠷᠣᠭᠤᠯᠤᠯᠲᠠ᠂ ᠮᠡᠳᠡᠭᠡ ᠵᠠᠩᠭᠢ ᠶᠢᠨ ᠠᠮᠤᠷ ᠲᠦᠪᠰᠢᠨ ᠵᠡᠷᠭᠡ ᠬᠦᠷᠢᠶᠡᠨ ᠤ ᠬᠠᠮᠲᠤᠷᠠᠯᠴᠠᠭ᠎ᠠ ᠳᠤ ᠬᠤᠯᠪᠣᠭᠳᠠᠭᠰᠠᠨ ᠠᠯᠢ | ᠤᠯᠠᠨ ᠰᠢᠢᠳᠪᠦᠷᠢ ᠶᠢ ᠨᠡᠶᠢᠲᠡᠯᠡᠬᠦ ᠶᠢ ᠵᠥᠪᠰᠢᠶᠡᠷᠡᠪᠡ᠃ | ᠬᠤᠷᠠᠯ ᠠᠴᠠ ᠪᠧᠯᠤᠷᠦ᠋ᠰᠢᠶ᠎ᠠ ᠱᠠᠩᠬᠠᠢ ᠶᠢᠨ ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠳᠤ ᠣᠷᠣᠬᠤ ᠶᠢ | ᠵᠢᠩᠬᠢᠨᠢ ᠪᠠᠷ ᠵᠥᠪᠰᠢᠶᠡᠷᠡᠵᠦ᠂ ᠳᠤᠮᠳᠠᠳᠤ ᠤᠯᠤᠰ 2024 ᠣᠨ ᠠᠴᠠ 2025 ᠣᠨ ᠪᠤᠯᠲᠠᠯᠠᠭᠢ ᠱᠠᠩᠬᠠᠢ ᠶᠢᠨ | ᠬᠠᠮᠲᠤᠷᠠᠯᠴᠠᠭᠠᠨ ᠤ ᠵᠣᠬᠢᠶᠠᠨ ᠪᠠᠶᠢᠭᠤᠯᠤᠯᠲᠠ ᠶᠢᠨ ᠵᠢᠵᠢᠭᠦᠷ ᠲᠡᠷᠢᠭᠦᠯᠡᠭᠴᠢ ᠤᠯᠤᠰ ᠤᠨ ᠲᠤᠰᠢᠶᠠᠯ ᠢ ᠬᠠᠷᠢᠭᠤᠴᠠᠬᠤ ᠪᠠᠷ | ᠲᠣᠭᠲᠠᠪᠠ᠃ | ᠼᠠᠢ ᠴᠢ᠂ ᠸᠠᠩ ᠢ ᠨᠠᠷ ᠳᠡᠭᠡᠷᠡᠬᠢ ᠠᠵᠢᠯᠯᠠᠭ᠎ᠠ ᠳᠤ ᠣᠷᠣᠯᠴᠠᠵᠠᠢ᠃ |