ᠳᠥᠷᠥᠯᠵᠢ ᠪᠠᠯᠭᠠᠰᠤᠨ ᠤ ᠳᠥᠷᠥᠯᠵᠢ ᠭᠠᠴᠠᠭ᠎ᠠ 2024 ᠣᠨ ᠤ ︽ᠨᠠᠮ ᠤᠨ ᠳᠠᠭᠤᠨ ᠢ ᠲᠦᠭ ᠲᠦᠮᠡᠨ ᠡᠷᠦᠬᠡ ᠳᠤ ᠬᠦᠷᠭᠡᠬᠦ︾ ᠵᠢᠴᠢ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠰᠣᠶᠣᠯ ᠤᠨ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
    ᠣᠶᠢᠷ᠎ᠠ ᠳᠤ᠂ ᠳᠥᠷᠥᠯᠵᠢ ᠪᠠᠯᠭᠠᠰᠤᠨ ᠤ ᠳᠥᠷᠥᠯᠵᠢ ᠭᠠᠴᠠᠭ᠎ᠠ 2024 ᠣᠨ ᠤ ︽ᠨᠠᠮ ᠤᠨ ᠳᠠᠭᠤᠨ ᠢ ᠲᠦᠮᠡᠨ ᠡᠷᠦᠬᠡ ᠳᠤ ᠬᠦᠷᠭᠡᠬᠦ︾ ᠵᠢᠴᠢ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ᠂ ᠰᠣᠶᠣᠯ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠥᠷ ᠬᠥᠭᠵᠢᠶᠡᠨ ᠲᠠᠢ ᠪᠠᠶᠢᠯ᠎ᠠ᠃ ᠤᠷᠠᠨ ᠰᠠᠶᠢᠬᠠᠨ ᠤ ᠲᠣᠭᠯᠠᠯᠲᠠ ᠨᠢ ᠪᠠᠶᠠᠰᠬᠤᠯᠠᠩᠲᠤ ᠬᠡᠩᠭᠡᠷᠭᠡ ︽ᠬᠤᠪᠢᠰᠬᠠᠯ ᠤᠨ ᠨᠠᠶᠢᠷᠠᠯ ᠳᠠᠭᠤᠤ︾ ᠶᠢᠨ ᠳᠤᠮᠳᠠ ᠬᠥᠰᠢᠭᠡ ᠪᠠᠨ ᠰᠡᠬᠦᠵᠦ᠂ ︽ᠨᠤᠲᠤᠭ ᠤᠨ ᠳᠠᠭᠤᠤ ᠪᠠᠨ ᠨᠠᠮ ᠳᠠᠭᠠᠨ ᠡᠷᠭᠦᠶ᠎ᠡ︾᠂ ᠪᠥᠵᠢᠭ ︽ᠪᠢ ᠳᠤᠮᠳᠠᠳᠤ ᠤᠯᠤᠰ ᠢᠶᠠᠨ ᠬᠠᠶᠢᠷᠠᠯᠠᠶ᠎ᠠ︾᠂ ᠲᠠᠯᠠᠪᠠᠢ ᠶᠢᠨ ᠪᠥᠵᠢᠭ ᠵᠡᠷᠭᠡ ᠲᠣᠭᠯᠠᠯᠲᠠ ᠵᠠᠯᠭᠠᠭ᠎ᠠ ᠪᠠᠷ ᠶᠠᠪᠤᠭᠳᠠᠵᠤ᠂ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠠᠯᠠᠭ᠎ᠠ ᠲᠠᠰᠢᠯᠲᠠ ᠶᠢ ᠣᠯᠪᠠ᠃    ᠲᠤᠰ ᠤᠳᠠᠭᠠᠨ ᠤ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠨᠢ ᠡᠯᠪᠡᠭ ᠪᠠᠶᠠᠯᠢᠭ ᠤᠳᠬ᠎ᠠ ᠤᠷᠠᠯᠢᠭ ᠤᠨ ᠲᠣᠭᠯᠠᠯᠲᠠ ᠭᠠᠷᠭᠠᠭᠰᠠᠨ ᠢᠶᠠᠷ ᠪᠠᠷᠠᠬᠤ ᠦᠭᠡᠢ᠂ ᠠᠵᠢᠯᠯᠠᠭ᠎ᠠ ᠶᠢᠨ ᠲᠤᠬᠠᠢ ᠶᠢᠨ ᠲᠠᠯᠠᠪᠤᠷ ᠲᠤ ᠪᠠᠰᠠ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠤᠨ ᠵᠥᠪᠯᠡᠯᠭᠡ ᠥᠭᠬᠦ ᠦᠢᠯᠡᠴᠢᠯᠡᠭᠡᠨ ᠤ ᠲᠠᠪᠴᠠᠩ ᠭᠠᠷᠭᠠᠵᠤ᠂ ᠥᠷᠭᠡᠨ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠯᠠᠪᠯᠠᠭ᠎ᠠ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠮᠡᠳᠡᠯᠭᠡ ᠶᠢᠨ ᠲᠠᠶᠢᠯᠪᠤᠷᠢᠯᠠᠯᠲᠠ᠂ ᠡᠷᠡᠭᠦᠯ ᠮᠡᠨᠳᠦ ᠶᠢᠨ ᠠᠯᠪᠠᠨ ᠵᠢᠷᠤᠮ ᠤᠨ ᠡᠮᠴᠢᠯᠡᠭᠡ ᠵᠡᠷᠭᠡ ᠲᠤᠰ ᠲᠤᠰ ᠤᠨ ᠣᠨᠴᠠᠯᠢᠭ ᠲᠠᠢ ᠰᠠᠶᠢᠨ ᠳᠤᠷ᠎ᠠ ᠶᠢᠨ ᠦᠢᠯᠡᠴᠢᠯᠡᠭᠡ ᠬᠠᠩᠭᠠᠵᠤ᠂ ᠬᠠᠮᠢᠶ᠎ᠠ ᠪᠦᠬᠦᠢ ᠤᠬᠠᠭᠤᠯᠭ᠎ᠠ ᠶᠢᠨ ᠮᠠᠲ᠋ᠧᠷᠢᠶᠠᠯ ᠢ ᠰᠦᠢᠳᠬᠡᠯ ᠬᠤᠷᠢᠶᠠᠬᠤ ᠦᠭᠡᠢ ᠪᠠᠷ ᠲᠠᠷᠬᠠᠭᠠᠵᠤ᠂ ᠣᠯᠠᠨ ᠲᠦᠮᠡᠨ ᠤ ᠬᠦᠷᠢᠶᠡᠯᠡᠯ ᠢ ᠶᠡᠬᠡᠳᠡ ᠣᠯᠤᠭᠰᠠᠨ ᠪᠠᠶᠢᠨ᠎ᠠ᠃    ᠳᠥᠷᠥᠯᠵᠢ ᠪᠠᠯᠭᠠᠰᠤ ᠠᠷᠠᠳ ᠤᠨ ᠲᠥᠯᠥᠭᠡ ᠠᠷᠠᠳ ᠲᠤ ᠠᠰᠢᠭ ᠬᠦᠷᠲᠡᠭᠡᠬᠦ ᠣᠶᠢᠯᠠᠭᠠᠭᠳᠠᠬᠤᠨ ᠢ ᠪᠠᠷᠢᠮᠲᠠᠯᠠᠵᠤ᠂ ︽ᠭᠤᠷᠪᠠ ᠶᠢ ᠬᠥᠳᠡᠭᠡ ᠪᠠᠭᠤᠯᠭᠠᠬᠤ︾ ᠠᠵᠢᠯᠯᠠᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠢᠯ ᠪᠦᠷᠢ ᠰᠢᠷᠢᠰ ᠠᠵᠢᠯᠯᠠᠭ᠎ᠠ ᠶᠢ ᠲᠥᠪᠯᠡᠷᠡᠭᠦᠯᠦᠨ ᠥᠷᠨᠢᠭᠦᠯᠵᠦ᠂ ᠠᠷᠠᠳ ᠲᠤ ᠠᠰᠢᠭ ᠬᠦᠷᠲᠡᠭᠡᠬᠦ ᠲᠥᠷᠥᠯ ᠵᠦᠢᠯ ᠢ ᠦᠨᠳᠦᠰᠦᠨ ᠱᠠᠲᠤᠨ ᠤ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ᠂ ᠰᠣᠶᠣᠯ᠂ ᠰᠢᠨᠵᠢᠯᠡᠬᠦ ᠤᠬᠠᠭᠠᠨ ᠮᠡᠷᠭᠡᠵᠢᠯ᠂ ᠡᠷᠡᠭᠦᠯ ᠬᠠᠮᠠᠭᠠᠯᠠᠯ ᠢ ᠬᠥᠳᠡᠭᠡ ᠪᠠᠭᠤᠯᠭᠠᠬᠤ ᠠᠴᠠ ᠲᠥᠷᠥ ᠶᠢᠨ ᠪᠣᠳᠣᠯᠭ᠎ᠠ᠂ ᠬᠠᠤᠯᠢ ᠴᠠᠭᠠᠵᠠ᠂ ᠣᠷᠴᠢᠨ ᠲᠣᠭᠤᠷᠢᠨ ᠤ ᠬᠠᠮᠠᠭᠠᠯᠠᠯᠲᠠ᠂ ᠤᠷ᠎ᠠ ᠴᠢᠳᠠᠪᠤᠷᠢ ᠶᠢᠨ ᠪᠣᠯᠪᠠᠰᠤᠷᠠᠯ ᠵᠡᠷᠭᠡ ᠦᠢᠯᠡᠴᠢᠯᠡᠭᠡ ᠶᠢ ᠬᠥᠳᠡᠭᠡ ᠪᠠᠭᠤᠯᠭᠠᠬᠤ ᠬᠦᠷᠲᠡᠯ᠎ᠡ ᠥᠷᠭᠡᠳᠬᠡᠵᠦ᠂ ᠠᠵᠢᠯᠯᠠᠭ᠎ᠠ ᠶᠢᠨ ᠠᠭᠤᠯᠤᠭᠳᠠᠬᠤᠨ ᠢ ᠪᠠᠶᠠᠯᠢᠭᠵᠢᠭᠤᠯᠤᠨ᠂ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠡᠨᠡ ᠬᠦ ᠠᠵᠢᠯᠯᠠᠭ᠎ᠠ ᠶᠢ ᠳᠥᠷᠥᠯᠵᠢ ᠪᠠᠯᠭᠠᠰᠤᠨ ᠤ ᠰᠤᠷᠲᠠᠯ ᠤᠬᠠᠭᠤᠯᠭ᠎ᠠ ᠰᠣᠶᠣᠯ ᠤᠨ ᠠᠵᠢᠯ ᠪᠠ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠦᠵᠡᠰᠬᠦᠯᠡᠩᠲᠦ ᠰᠠᠶᠢᠬᠠᠨ ᠨᠡᠷᠡᠲᠦ ᠲᠡᠮᠳᠡᠭ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠴᠢᠬᠤᠯᠠ ᠬᠦᠴᠦᠨ ᠪᠣᠯᠭᠠᠵᠤ᠂ ᠦᠨᠳᠦᠰᠦᠨ ᠱᠠᠲᠤᠨ ᠳᠤ ᠦᠨᠳᠦᠰᠦᠯᠡᠵᠦ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠳᠤ ᠦᠢᠯᠡᠴᠢᠯᠡᠬᠦ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠪᠣᠯᠭᠠᠵᠤ᠂ ᠠᠷᠠᠳ ᠤᠨ ᠠᠮᠢᠳᠤᠷᠠᠯ ᠤᠨ ᠬᠠᠯᠠᠭᠤᠨ ᠳᠤᠯᠠᠭᠠᠨ ᠢ ᠳᠡᠭᠡᠭᠰᠢᠯᠡᠭᠦᠯᠬᠦ᠂ ᠦᠨᠳᠦᠰᠦᠨ ᠱᠠᠲᠤᠨ ᠤ ᠠᠮᠢᠵᠢᠷᠠᠯ ᠤᠨ ᠬᠦᠴᠦᠨ ᠢ ᠬᠥᠭᠵᠢᠭᠡᠬᠦ᠂ ᠬᠥᠳᠡᠭᠡ ᠲᠣᠰᠬᠤᠨ ᠤ ᠵᠠᠰᠠᠯᠲᠠ ᠳᠤ ᠴᠢᠳᠠᠪᠤᠷᠢ ᠣᠯᠭᠤᠬᠤ ᠳᠤᠮᠳᠠ ᠤᠯᠠᠮ ᠠᠴᠠ ᠤᠯᠠᠮ ᠴᠢᠬᠤᠯᠠ ᠦᠢᠯᠡᠳᠦᠯ ᠦᠵᠡᠭᠦᠯᠬᠦ ᠪᠣᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号