ᠬᠡᠭᠡᠷ᠎ᠡ ᠶᠢᠨ ᠭᠦᠢᠯᠡᠰᠦ ︽ᠵᠣᠭᠤᠰᠣᠨ ᠤ ᠮᠣᠳᠣ︾ ᠪᠤᠯᠵᠤ ᠪᠠᠶᠠᠵᠢᠨ ᠴᠢᠨᠡᠭᠡᠯᠢᠭᠵᠢᠵᠦ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠪᠣᠯᠪᠠ
ᠨᠡᠶᠢᠲᠡᠯᠡᠭᠰᠡᠨ ᠴᠠᠭ᠄
2024/7/8
   ᠣᠳᠣ ᠪᠣᠯ ᠭᠦᠢᠯᠡᠰᠦ ᠪᠣᠯᠪᠠᠰᠤᠷᠠᠭᠰᠠᠨ ᠴᠠᠭ ᠦᠶ᠎ᠡ ᠪᠣᠯᠤᠨ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤ ᠶᠢᠨ ᠪᠤᠯᠠᠭ ᠲᠠᠢ ᠭᠠᠴᠠᠭ᠎ᠠ ᠶᠢᠨ ᠬᠡᠭᠡᠷ᠎ᠡ ᠶᠢᠨ ᠭᠦᠢᠯᠡᠰᠦ ᠪᠠ ᠭᠡᠷ ᠤᠨ ᠭᠦᠢᠯᠡᠰᠦ ᠡᠯᠪᠡᠭ ᠬᠤᠷᠢᠶᠠᠯᠲᠠ ᠶᠢᠨ ᠤᠯᠠᠷᠢᠯ ᠢᠶᠠᠨ ᠤᠭᠲᠤᠯ᠎ᠠ᠃    ᠪᠤᠯᠠᠭ ᠲᠠᠢ ᠭᠠᠴᠠᠭ᠎ᠠ ᠶᠢᠨ ᠠᠩ ᠲᠠᠢ ᠠᠮᠢ ᠠᠬᠤᠢ ᠶᠢᠨ ᠬᠦᠷᠢᠶᠡᠯᠡᠩ ᠤᠨ ᠬᠡᠭᠡᠷ᠎ᠡ ᠶᠢᠨ ᠭᠦᠢᠯᠡᠰᠦᠨ ᠣᠢ ᠶᠢᠨ ᠳᠤᠮᠳᠠ᠂ ᠲᠣᠰᠬᠤᠨ ᠤ ᠠᠷᠠᠳ ᠴᠠᠭ ᠢ ᠠᠮᠵᠢᠨ ᠬᠡᠭᠡᠷ᠎ᠡ ᠶᠢᠨ ᠭᠦᠢᠯᠡᠰᠦ ᠲᠡᠭᠦᠵᠦ᠂ ᠮᠠᠰᠢ ᠶᠠᠭᠠᠷᠠᠯᠲᠠᠢ ᠠᠵᠢᠯᠯᠠᠵᠤ ᠪᠠᠶᠢᠪᠠ᠃ ᠭᠠᠴᠠᠭᠠᠨ ᠤ ᠣᠯᠠᠨ ᠲᠦᠮᠡᠨ ᠢ ᠬᠠᠪᠰᠤᠷᠤᠨ ᠬᠡᠭᠡᠷ᠎ᠡ ᠶᠢᠨ ᠭᠦᠢᠯᠡᠰᠦ ᠶᠢᠨ ᠪᠣᠷᠣᠯᠠᠭᠤᠯᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢᠨ ᠲᠥᠯᠥᠭᠡ᠂ ᠭᠠᠴᠠᠭᠠᠨ ᠤ ᠨᠠᠮ ᠤᠨ ᠡᠭᠦᠷ ᠤᠨ ᠱᠦᠵᠢ ᠴᠧᠨ ᠭᠦᠸᠧ ᠹᠠ ᠬᠤᠳᠠᠯᠳᠤᠨ ᠠᠪᠬᠤ ᠬᠤᠳᠠᠯᠳᠤᠭᠠᠴᠢᠨ ᠢ ᠵᠣᠬᠢᠴᠠᠭᠤᠯᠤᠨ ᠰᠢᠭᠤᠳ ᠠᠭᠤᠯᠠᠨ ᠳᠤ ᠭᠠᠷᠭᠠᠵᠤ ᠬᠤᠳᠠᠯᠳᠤᠨ ᠠᠪᠴᠤ᠂ ᠠᠷᠠᠳ ᠢᠷᠭᠡᠳ ᠢ ᠠᠮᠤᠷ ᠲᠦᠪᠰᠢᠨ ᠢᠶᠠᠷ ᠰᠢᠭᠤᠳ ᠵᠣᠭᠤᠰ ᠬᠤᠳᠠᠯᠳᠤᠪᠠ᠃    ᠪᠤᠯᠠᠭ ᠲᠠᠢ ᠭᠠᠴᠠᠭ᠎ᠠ ᠶᠢᠨ ᠠᠷᠠᠳ ᠰᠢᠦᠢ ᠼᠦᠢ ᡁᠢ ᠬᠡᠯᠡᠭᠰᠡᠨ ᠨᠢ᠄ ︽ᠵᠢᠯ ᠪᠦᠷᠢ ᠶᠢᠨ 7 ᠰᠠᠷ᠎ᠠ ᠳᠤ᠂ ᠪᠢ ᠬᠥᠭᠰᠢᠨ ᠲᠠᠢ ᠪᠠᠨ ᠬᠤᠶᠠᠭᠤᠯᠠ ᠠᠳᠡ ᠢᠷᠡᠵᠦ ᠬᠡᠭᠡᠷ᠎ᠡ ᠶᠢᠨ ᠭᠦᠢᠯᠡᠰᠦ ᠴᠣᠬᠢᠬᠤ ᠪᠠᠷ ᠢᠷᠡᠳᠡᠭ᠂ ᠵᠢᠯ ᠪᠦᠷᠢ ᠬᠡᠭᠡᠷ᠎ᠡ ᠶᠢᠨ ᠭᠦᠢᠯᠡᠰᠦ ᠲᠠᠷᠢᠬᠤ ᠳᠤ ᠲᠦᠰᠢᠭᠯᠡᠵᠦ ᠪᠠᠶᠢᠭᠠᠳ 4000 ᠲᠥᠭᠦᠷᠢᠭ ᠣᠷᠴᠢᠮ ᠤᠨ ᠨᠥᠬᠦᠪᠥᠷᠢ ᠥᠭᠬᠦ ᠭᠠᠵᠠᠷ ᠣᠯᠤᠨ᠎ᠠ︾ ᠭᠡᠪᠡ᠃    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠮᠲᠦ ᠶᠢᠨ ᠭᠤᠣᠯ ᠰᠤᠮᠤ ᠠᠮᠢ ᠠᠬᠤᠢ ᠶᠢᠨ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ ᠪᠠᠳᠠᠷᠠᠭᠤᠯᠵᠤ᠂ ᠵᠢᠮᠢᠰ ᠤᠨ ᠮᠣᠳᠣ ᠲᠠᠷᠢᠬᠤ ᠪᠠᠷ ᠭᠤᠣᠯ ᠪᠣᠯᠭᠠᠭᠰᠠᠨ ᠣᠨᠴᠠᠯᠢᠭᠲᠤ ᠠᠵᠤ ᠠᠬᠤᠢ ᠶᠢᠨ ᠠᠵᠤ ᠦᠢᠯᠡᠰ ᠤᠨ ᠬᠡᠯᠬᠢᠶ᠎ᠡ ᠶᠢ ᠬᠠᠶᠢᠨ ᠰᠦᠪᠡᠭᠴᠢᠯᠡᠵᠦ᠂ ︽ᠵᠢᠮᠢᠰ ᠤᠨ ᠬᠦᠷᠢᠶᠡᠯᠡᠩ ᠤᠨ ᠠᠵᠤ ᠠᠬᠤᠢ︾ ᠶᠢ ᠬᠥᠳᠡᠭᠡ ᠲᠣᠰᠬᠤᠨ ᠤ ᠬᠥᠭᠵᠢᠯᠲᠡ ᠳᠤ ︽ᠪᠣᠬᠢᠷᠲᠤᠯ ᠦᠭᠡᠢ ᠬᠥᠳᠡᠯᠭᠡᠬᠦ ᠬᠦᠴᠦᠨ︾ ᠨᠡᠮᠡᠷᠢᠯᠡᠪᠡ᠃    ᠠᠩ ᠲᠠᠢ ᠠᠮᠢ ᠠᠬᠤᠢ ᠶᠢᠨ ᠬᠦᠷᠢᠶᠡᠯᠡᠩ ᠤᠨ ᠭᠡᠷ ᠤᠨ ᠭᠦᠢᠯᠡᠰᠦ ᠲᠡᠭᠦᠬᠦ ᠲᠣᠭᠤᠷᠢᠭ ᠲᠤ ᠣᠷᠣᠬᠤ ᠳᠤ᠂ ᠨᠢᠭᠡ ᠬᠡᠰᠡᠭ ᠨᠢ ᠬᠤᠸᠠᠩ ᠴᠧᠩ ᠴᠧᠩ᠂ ᠤᠯᠠᠭᠠᠨ ᠨᠣᠭᠤᠭᠠᠨ ᠢᠶᠠᠷ ᠳᠦᠭᠦᠷᠦᠭᠰᠡᠨ ᠭᠡᠷ ᠤᠨ ᠭᠦᠢᠯᠡᠰᠦ ᠰᠠᠯᠠᠭ᠎ᠠ ᠨᠠᠮᠠᠭ᠎ᠠ ᠪᠠᠷ ᠳᠦᠭᠦᠷᠴᠦ᠂ ᠣᠷᠭᠢᠯᠤᠮ᠎ᠠ ᠬᠠᠯᠠᠭᠤᠨ ᠥᠩᠭᠡ ᠲᠠᠢ᠂ ᠥᠩᠭᠡ ᠪᠤᠳᠤᠭ ᠨᠢ ᠢᠯᠭᠠᠷᠠᠵᠤ᠂ ᠬᠥᠮᠦᠰ ᠢ ᠰᠢᠯᠦᠰᠦ ᠭᠤᠭᠤᠵᠢᠭᠤᠯᠬᠤ ᠭᠡᠪᠡ᠃ ᠲᠡᠭᠦᠬᠦ ᠪᠠᠷ ᠢᠷᠡᠭᠰᠡᠨ ᠵᠢᠭᠤᠯᠴᠢᠯᠠᠭᠴᠢᠳ ᠭᠦᠢᠯᠡᠰᠦᠨ ᠣᠢ ᠳᠤ ᠰᠦᠯᠵᠢᠯᠳᠦᠵᠦ᠂ ᠨᠢᠭᠡ ᠪᠣᠯᠪᠠᠰᠤᠷᠠᠭᠰᠠᠨ ᠭᠦᠢᠯᠡᠰᠦᠨ ᠵᠢᠮᠢᠰ ᠢ ᠬᠢᠴᠢᠶᠡᠮᠵᠢ ᠲᠠᠢ ᠪᠠᠷ ᠲᠡᠭᠦᠵᠦ᠂ ᠲᠤᠰᠬᠠᠶᠢᠯᠠᠨ ᠭᠦᠢᠯᠡᠰᠦ ᠰᠠᠪᠠᠯᠠᠭᠰᠠᠨ ᠪᠥᠰ ᠲᠤ ᠬᠢᠵᠦ᠂ ᠬᠠᠮᠤᠭ ᠰᠡᠭᠦᠯ ᠳᠤ ᠵᠢᠩᠨᠡᠭᠦᠷ ᠢ ᠨᠢ ᠥᠩᠭᠡᠷᠡᠭᠡᠵᠦ ᠲᠥᠯᠥᠨ᠎ᠡ᠃    ︽ᠪᠢᠳᠡ ᠪᠤᠯᠠᠭ ᠲᠠᠢ ᠭᠠᠴᠠᠭ᠎ᠠ ᠶᠢᠨ ᠠᠮᠢ ᠠᠬᠤᠢ ᠶᠢᠨ ᠬᠦᠷᠢᠶᠡᠯᠡᠩ ᠳᠤ ᠬᠦᠷᠴᠦ ᠭᠡᠷ ᠪᠦᠯᠢ ᠶᠢᠨ ᠭᠦᠢᠯᠡᠰᠦ ᠲᠡᠭᠦᠵᠦ᠂ ᠠᠳᠡᠬᠢ ᠭᠡᠷ ᠤᠨ ᠭᠦᠢᠯᠡᠰᠦ ᠨᠢ ᠮᠠᠰᠢ ᠠᠮᠲᠠᠲᠠᠢ᠂ ᠶᠡᠭᠡ ᠮᠥᠷᠲᠡᠭᠡᠨ ᠰᠢᠬᠢᠷᠯᠢᠭ᠂ ᠭᠡᠷ ᠲᠤ ᠪᠠᠨ ᠬᠠᠷᠢᠭᠠᠳ ᠬᠠᠮᠲᠤ ᠪᠠᠷ ᠬᠤᠪᠢᠶᠠᠯᠴᠠᠳᠠᠭ᠂ ᠠᠭᠤᠯᠠᠨ ᠳᠡᠭᠡᠷᠡᠬᠢ ᠦᠵᠡᠮᠵᠢ ᠨᠢ ᠴᠦ ᠭᠤᠶᠤ᠂ ᠠᠭᠤᠷ ᠠᠮᠢᠰᠬᠤᠯ ᠨᠢ ᠴᠦ ᠰᠠᠶᠢᠨ᠂ ᠭᠡᠷ ᠢᠶᠠᠨ ᠳᠠᠭᠠᠭᠤᠯᠤᠨ ᠵᠤᠭᠠᠴᠠᠵᠤ ᠪᠣᠯᠤᠨ᠎ᠠ︾ ᠭᠡᠵᠦ ᠬᠡᠯᠡᠪᠡ᠃    ᠡᠨᠡ ᠵᠢᠯ ᠪᠤᠯᠠᠭ ᠲᠠᠢ ᠭᠠᠴᠠᠭ᠎ᠠ ᠠᠮᠢ ᠠᠬᠤᠢ ᠶᠢᠨ ᠬᠦᠷᠢᠶᠡᠯᠡᠩ ᠳᠤ 40 ᠭᠠᠷᠤᠢ ᠮᠦ ᠭᠦᠢᠯᠡᠰᠦ ᠲᠠᠷᠢᠵᠤ᠂ ᠡᠷᠭᠢᠨ ᠲᠣᠭᠤᠷᠢᠨ ᠤ ᠵᠤᠭᠠᠴᠠᠭᠰᠠᠳ ᠤᠨ ᠠᠩᠬᠠᠷᠤᠯ ᠢ ᠲᠠᠲᠠᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠣᠷᠣᠯᠭ᠎ᠠ ᠶᠢ ᠨᠡᠮᠡᠭᠳᠡᠭᠦᠯᠪᠡ᠃    ᠣᠶᠢᠯᠠᠭᠠᠭᠰᠠᠨ ᠢᠶᠠᠷ᠂ ᠪᠤᠯᠠᠭ ᠲᠠᠢ ᠭᠠᠴᠠᠭ᠎ᠠ ᠶᠢᠨ ᠬᠡᠭᠡᠷ᠎ᠡ ᠶᠢᠨ ᠭᠦᠢᠯᠡᠰᠦᠨ ᠣᠢ ᠶᠢᠨ ᠶᠡᠷᠦᠩᠬᠡᠢ ᠲᠠᠯᠠᠪᠠᠢ 6000 ᠭᠠᠷᠤᠢ ᠮᠦ ︵40 ᠭᠠᠷᠤᠢ ᠮᠦ ᠭᠡᠷ ᠤᠨ ᠭᠦᠢᠯᠡᠰᠦ ᠪᠠᠭᠲᠠᠨ᠎ᠠ︶᠂ ᠣᠶᠢᠷ᠎ᠠ ᠶᠢᠨ ᠵᠢᠯ ᠳᠤ᠂ ᠪᠤᠯᠠᠭ ᠭᠠᠴᠠᠭ᠎ᠠ ᠨᠢ ᠭᠠᠵᠠᠷ ᠣᠷᠣᠨ ᠤ ᠳᠠᠪᠠᠭᠤᠯᠢᠭ ᠳᠠᠭᠠᠨ ᠰᠠᠭᠤᠷᠢᠯᠠᠨ᠂ ᠬᠡᠭᠡᠷ᠎ᠡ ᠶᠢᠨ ᠭᠦᠢᠯᠡᠰᠦᠨ ᠣᠢ ᠶᠢ ᠨᠢᠭᠡᠳᠦᠯᠲᠡᠢ ᠪᠢᠲᠡᠭᠦᠮᠵᠢᠯᠡᠵᠦ᠂ ᠰᠢᠨᠵᠢᠯᠡᠬᠦ ᠤᠬᠠᠭᠠᠨᠴᠢ ᠪᠠᠷ ᠬᠠᠮᠢᠶᠠᠷᠤᠨ ᠬᠠᠮᠠᠭᠠᠯᠠᠵᠤ᠂ ᠠᠮᠢ ᠠᠬᠤᠢ ᠶᠢ ᠬᠠᠮᠠᠭᠠᠯᠠᠬᠤ᠂ ᠦᠷᠭᠦᠯᠵᠢᠯᠡᠨ ᠬᠥᠭᠵᠢᠭᠦᠯᠬᠦ ᠵᠠᠮ ᠢ ᠨᠡᠭᠡᠭᠡᠵᠦ᠂ ᠬᠡᠭᠡᠷ᠎ᠡ ᠶᠢᠨ ᠭᠦᠢᠯᠡᠰᠦᠨ ᠠᠵᠤ ᠦᠢᠯᠡᠰ ᠢ ᠨᠢᠭᠡᠨ ᠵᠦᠢᠯ ᠤᠨ ᠠᠷᠠᠳ ᠢ ᠪᠠᠶᠠᠵᠢᠭᠤᠯᠤᠨ ᠣᠷᠣᠯᠭ᠎ᠠ ᠪᠠᠨ ᠨᠡᠮᠡᠭᠳᠡᠭᠦᠯᠬᠦ ᠣᠨᠴᠠᠯᠢᠭᠲᠤ ᠠᠵᠤ ᠦᠢᠯᠡᠰ ᠪᠣᠯᠭᠠᠭᠰᠠᠨ ᠪᠠᠶᠢᠨ᠎ᠠ᠃    ᠪᠤᠯᠠᠭ ᠲᠠᠢ ᠭᠠᠴᠠᠭᠠᠨ ᠤ ᠨᠠᠮ ᠤᠨ ᠡᠭᠦᠷ ᠤᠨ ᠱᠦᠵᠢ ᠴᠧᠨ ᠭᠦᠸᠧ ᠹᠠ ᠬᠡᠯᠡᠭᠰᠡᠨ ᠨᠢ᠄ ︽ᠮᠠᠨ ᠤ ᠪᠤᠯᠠᠭ ᠭᠠᠴᠠᠭ᠎ᠠ ᠳᠤ ᠣᠳᠣ 6000 ᠭᠠᠷᠤᠢ ᠮᠦ ᠬᠡᠭᠡᠷ᠎ᠡ ᠶᠢᠨ ᠭᠦᠢᠯᠡᠰᠦᠨ ᠠᠵᠤ ᠠᠬᠤᠢ ᠶᠢᠨ ᠣᠢ ᠪᠠᠶᠢᠵᠤ᠂ 7 ᠰᠠᠷ᠎ᠠ ᠪᠣᠯᠬᠤ ᠪᠦᠷᠢ ᠠᠷᠠᠳ ᠢᠷᠭᠡᠳ ᠭᠦᠢᠯᠡᠰᠦᠨ ᠮᠣᠳᠣ ᠲᠠᠷᠢᠬᠤ ᠳᠤ ᠴᠥᠮ 5 ᠠᠴᠠ 7 ᠡᠳᠦᠷ ᠪᠣᠯᠲᠠᠯ᠎ᠠ 4000 ᠲᠥᠭᠦᠷᠢᠭ ᠤᠨ ᠣᠷᠣᠯᠭ᠎ᠠ ᠣᠯᠵᠤ᠂ ᠪᠢᠳᠡ ᠪᠠᠰᠠ ᠨᠢᠭᠡ ᠭᠦᠢᠯᠡᠰᠦ ᠲᠡᠭᠦᠬᠦ ᠲᠣᠭᠤᠷᠢᠭ ᠪᠠᠶᠢᠭᠤᠯᠵᠤ᠂ ᠺᠢᠯᠣᠭ᠍ᠷᠠᠮ ᠪᠦᠷᠢ 4 ᠲᠥᠭᠦᠷᠢᠭ ᠤᠨ ᠦᠨ᠎ᠡ ᠪᠠᠷ ᠪᠣᠷᠣᠯᠠᠭᠤᠯᠵᠤ ᠪᠠᠶᠢᠨ᠎ᠠ᠃ ᠬᠡᠭᠡᠷ᠎ᠡ ᠶᠢᠨ ᠭᠦᠢᠯᠡᠰᠦ ᠶᠢᠨ ᠠᠵᠤ ᠠᠬᠤᠢ ᠶᠢᠨ ᠣᠢ ᠨᠢ ᠠᠮᠢ ᠠᠬᠤᠢ ᠶᠢᠨ ᠦᠷ᠎ᠡ ᠠᠰᠢᠭ ᠣᠯᠤᠭᠰᠠᠨ ᠢᠶᠠᠷ ᠪᠠᠷᠠᠬᠤ ᠦᠭᠡᠢ ᠪᠠᠰᠠ ᠠᠵᠤ ᠠᠬᠤᠢ ᠶᠢᠨ ᠦᠷ᠎ᠡ ᠠᠰᠢᠭ ᠣᠯᠵᠤ᠂ ᠮᠠᠨ ᠤ ᠭᠠᠴᠠᠭᠠᠨ ᠤ ᠡᠯ᠎ᠡ ᠦᠨᠳᠦᠰᠦᠲᠡᠨ ᠤ ᠣᠯᠠᠨ ᠲᠦᠮᠡᠨ ᠵᠣᠭᠤᠰ ᠮᠥᠩᠭᠦ ᠪᠠᠨ ᠴᠢᠩᠭᠠᠯᠠᠪᠠ  ︾᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号