ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/8
   ᠵᠤᠨ ᠤ ᠠᠮᠠᠷᠠᠯᠲᠠ ᠶᠢᠨ ᠬᠤᠭᠤᠴᠠᠭᠠᠨ ᠳᠠᠬᠢ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠬᠥᠮᠦᠵᠢᠯ ᠤᠨ ᠠᠵᠢᠯ ᠢ ᠰᠠᠶᠢᠲᠤᠷ ᠬᠢᠵᠦ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠠᠳᠠᠯ ᠭᠠᠷᠬᠤ ᠶᠢ ᠪᠦᠲᠦᠮᠵᠢᠲᠡᠢ ᠰᠡᠷᠭᠡᠶᠢᠯᠡᠵᠦ᠂ ᠵᠠᠯᠠᠭᠤᠴᠤᠳ ᠪᠠᠭᠠᠴᠤᠳ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠤᠬᠠᠮᠰᠠᠷ᠂ ᠥᠪᠡᠷ ᠢ ᠪᠠᠨ ᠬᠠᠮᠠᠭᠠᠯᠠᠬᠤ ᠤᠬᠠᠮᠰᠠᠷ ᠢ ᠴᠢᠩᠭᠠᠳᠬᠠᠨ᠂ ᠵᠠᠯᠠᠭᠤᠴᠤᠳ ᠪᠠᠭᠠᠴᠤᠳ ᠤᠨ ᠥᠪᠡᠷ ᠢ ᠪᠠᠨ ᠬᠠᠮᠠᠭᠠᠯᠠᠵᠤ ᠥᠪᠡᠷ ᠢ ᠪᠠᠨ ᠠᠪᠤᠷᠠᠬᠤ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ︽ᠪᠠᠶᠠᠷ ᠬᠦᠷ ᠲᠠᠢ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠤᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠵᠠᠯᠠᠭᠤᠴᠤᠳ ᠪᠠᠭᠠᠴᠤᠳ ᠤᠨ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠪᠠ ᠪᠠᠲᠤᠯᠠᠭ᠎ᠠ ᠶᠢ ᠦᠨᠡᠨ ᠬᠦ ᠬᠠᠮᠠᠭᠠᠯᠠᠵᠤ᠂ ᠠᠮᠤᠷ ᠲᠦᠪᠰᠢᠨ ᠢᠶᠠᠷ ᠲᠡᠭᠦᠯᠳᠡᠷ ᠠᠮᠠᠷᠠᠯᠲᠠ ᠶᠢᠨ ᠬᠤᠭᠤᠴᠠᠭ᠎ᠠ ᠶᠢ ᠥᠩᠭᠡᠷᠡᠭᠦᠯᠬᠦ ᠶᠢ ᠦᠨᠡᠨ ᠬᠦ ᠪᠠᠲᠤᠯᠠᠪᠠ᠃    ᠬᠤᠰᠢᠭᠤᠨ ᠤ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯᠲᠠᠳ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨ᠎ᠠ ᠬᠤᠯᠪᠣᠭᠠᠯᠠᠨ ᠬᠥᠳᠡᠯᠦᠯᠴᠡᠬᠦ ᠠᠷᠭ᠎ᠠ ᠬᠡᠯᠪᠡᠷᠢ ᠪᠠᠷ ᠵᠤᠨ ᠤ ᠠᠮᠠᠷᠠᠯᠲᠠ ᠶᠢᠨ ᠬᠤᠭᠤᠴᠠᠭᠠᠨ ᠤ ᠠᠮᠤᠷ ᠲᠦᠪᠰᠢᠨ ᠤ ᠬᠥᠮᠦᠵᠢᠯ ᠤᠨ ᠠᠵᠢᠯᠯᠠᠭ᠎ᠠ ᠶᠢ ᠤᠬᠠᠭᠤᠯᠵᠤ᠂ ᠰᠦᠯᠵᠢᠶᠡᠨ ᠳᠡᠭᠡᠷ᠎ᠡ ᠸᠢᠴᠠᠲ ᠤᠨ ᠪᠦᠯᠦᠭ᠂ ᠣᠯᠠᠨ ᠨᠡᠶᠢᠲᠡ ᠶᠢᠨ ᠳ᠋ᠤᠭᠠᠷ ᠢ ᠠᠰᠢᠭᠯᠠᠨ᠂ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠴᠤᠭᠯᠠᠭᠠᠨ ᠳᠤ ᠵᠤᠨ ᠤ ᠠᠮᠠᠷᠠᠯᠲᠠ ᠶᠢᠨ ᠠᠮᠤᠷ ᠲᠦᠪᠰᠢᠨ ᠤ ᠬᠥᠮᠦᠵᠢᠯ ᠤᠨ ᠮᠡᠳᠡᠯᠭᠡ ᠶᠢ ᠲᠠᠨᠢᠯᠴᠠᠭᠤᠯᠤᠨ᠂ ᠰᠦᠯᠵᠢᠶᠡᠨ ᠭᠠᠳᠠᠨᠠᠬᠢ ᠨᠡᠶᠢᠭᠡᠮ ᠲᠣᠭᠤᠷᠢᠭ ᠤᠨ ᠬᠤᠶᠢᠴᠢ ᠦᠶ᠎ᠡ ᠪᠠᠨ ᠬᠠᠯᠠᠮᠵᠢᠯᠠᠬᠤ ᠠᠵᠢᠯ ᠤᠨ ᠵᠥᠪᠯᠡᠯ ᠤᠨ ᠠᠵᠢᠯᠲᠠᠳ ᠰᠤᠷᠭᠠᠭᠤᠯᠢ ᠳᠤ ᠬᠦᠷᠴᠦ᠂ ᠬᠢᠯᠪᠠᠷ ᠣᠶᠢᠯᠠᠭᠠᠮᠵᠢᠲᠠᠢ ᠦᠭᠡ ᠬᠡᠯᠡ ᠪᠠᠷ ᠤᠰᠤᠨ ᠳᠤ ᠤᠨᠠᠭᠰᠠᠨ ᠬᠡᠷᠡᠭ ᠢ ᠰᠡᠷᠭᠡᠶᠢᠯᠡᠬᠦ᠂ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ᠂ ᠭᠡᠷ ᠪᠦᠯᠢ ᠶᠢᠨ ᠠᠮᠤᠷ ᠲᠦᠪᠰᠢᠨ ᠢ ᠠᠩᠬᠠᠷᠬᠤ᠂ ᠵᠤᠭ᠎ᠠ ᠴᠡᠩᠭᠡᠯ ᠤᠨ ᠠᠮᠤᠷ ᠲᠦᠪᠰᠢᠨ ᠢ ᠠᠩᠬᠠᠷᠬᠤ᠂ ᠰᠡᠳᠬᠢᠴᠡ ᠶᠢᠨ ᠠᠮᠤᠷ ᠲᠦᠪᠰᠢᠨ ᠢ ᠴᠢᠩᠭᠠᠳᠬᠠᠬᠤ ᠵᠡᠷᠭᠡ ᠵᠢᠷᠭᠤᠭᠠᠨ ᠲᠠᠯ᠎ᠠ ᠪᠠᠷ ᠲᠠᠶᠢᠯᠤᠮᠵᠢ ᠬᠢᠬᠦ ᠶᠢᠨ ᠬᠠᠮᠲᠤ ᠬᠥᠬᠡ ᠣᠭᠲᠠᠷᠭᠤᠢ ᠳᠤ ᠠᠪᠤᠷᠠᠨ ᠲᠤᠰᠠᠯᠠᠬᠤ ᠠᠩᠭᠢ ᠶᠢ ᠤᠷᠢᠵᠤ ᠰᠤᠷᠤᠭᠴᠢᠳ ᠲᠤ ᠤᠰᠤᠨ ᠳᠤ ᠵᠢᠪᠬᠦ ᠶᠢ ᠰᠡᠷᠭᠡᠶᠢᠯᠡᠬᠦ ᠮᠡᠳᠡᠯᠭᠡ ᠶᠢ ᠲᠠᠶᠢᠯᠪᠤᠷᠢᠯᠠᠨ ᠥᠭᠴᠦ᠂ ᠤᠰᠤᠨ ᠳᠤ ᠤᠨᠠᠭᠰᠠᠨ ᠬᠡᠷᠡᠭ ᠲᠤ ᠲᠣᠬᠢᠶᠠᠯᠳᠤᠪᠠᠯ ᠰᠣᠬᠤᠷ ᠪᠠᠯᠠᠢ ᠪᠠᠷ ᠠᠪᠤᠷᠠᠨ ᠲᠤᠰᠠᠯᠠᠵᠤ ᠪᠣᠯᠬᠤ ᠦᠭᠡᠢ᠂ ᠣᠶᠤᠨᠴᠢ ᠪᠠᠷ ᠠᠪᠤᠷᠠᠨ ᠲᠤᠰᠠᠯᠠᠬᠤ ᠬᠡᠷᠡᠭᠲᠡᠢ᠂ ᠳᠠᠷᠤᠢ ᠲᠦᠷᠭᠡᠨ ᠲᠣᠮᠣ ᠬᠥᠮᠦᠨ ᠤ ᠬᠠᠪᠰᠤᠷᠤᠯᠭ᠎ᠠ ᠶᠢ ᠡᠷᠢᠯᠬᠢᠯᠡᠬᠦ ᠶᠢᠨ ᠬᠠᠮᠲᠤ ᠲᠤᠬᠠᠢ ᠶᠢᠨ ᠲᠠᠯᠠᠪᠤᠷ ᠲᠤ ᠤᠰᠤᠨ ᠳᠤ ᠤᠨᠠᠭᠰᠠᠨ ᠬᠥᠮᠦᠰ ᠲᠤ ᠵᠢᠷᠦᠬᠡ ᠠᠭᠤᠰᠬᠢᠨ ᠤ ᠰᠡᠷᠭᠦᠭᠡᠯᠲᠡ ᠶᠢᠨ ᠲᠦᠷᠭᠡᠨ ᠠᠪᠤᠷᠠᠯᠲᠠ ᠶᠢᠨ ᠠᠷᠭ᠎ᠠ ᠶᠢ ᠬᠡᠷᠬᠢᠨ ᠬᠢᠵᠦ ᠥᠭᠭᠦᠭᠰᠡᠨ ᠪᠠᠶᠢᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号