ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶ᠎ᠠ 78 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/8
   7 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 78 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠳᠠᠷᠠᠭᠠᠴᠢ ᠶᠢᠨ ᠠᠯᠬᠤᠮ ᠤᠨ ᠭᠤᠣᠯᠳᠠᠯᠭ᠎ᠠ ᠲᠠᠢ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠬᠥᠬᠡᠨᠠᠭᠤᠷ᠂ ᠨᠢᠩᠰᠢᠶᠠ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠳᠡᠰ ᠳᠡᠪᠰᠢᠭᠦᠯᠬᠦ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ ᠪᠤᠵᠠᠭᠠᠶᠢᠷᠠᠭᠤᠯᠬᠤ᠂ ᠢᠷᠡᠭᠡᠳᠦᠢ ᠶᠢᠨ ᠠᠵᠤ ᠦᠢᠯᠡᠰ ᠤᠨ ᠲᠥᠯᠥᠪᠵᠢᠭᠦᠯᠦᠨ ᠪᠠᠶᠢᠷᠢᠰᠢᠭᠤᠯᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠬᠦᠴᠦᠯᠡᠨ ᠪᠤᠶᠢᠵᠢᠭᠤᠯᠬᠤ ᠬᠡᠷᠡᠭᠲᠡᠢ᠃    ᠬᠤᠷᠠᠯ ᠠᠴᠠ ᠴᠢᠬᠤᠯᠠᠴᠢᠯᠠᠭᠰᠠᠨ ᠨᠢ᠂ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠡᠷᠦᠩᠬᠡᠢ ᠬᠠᠷᠠᠯᠲᠠ ᠪᠠ ᠶᠡᠷᠦᠩᠬᠡᠢ ᠪᠠᠶᠢᠷᠢᠯᠠᠭᠤᠯᠤᠯᠲᠠ ᠶᠢ ᠭᠦᠨᠵᠡᠭᠡᠢ ᠡᠵᠡᠮᠳᠡᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠥᠭᠡᠷᠡᠴᠢᠯᠡᠯᠲᠡ ᠶᠢ ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠪᠠᠷ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠢ᠃ ᠨᠠᠮ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠢᠮᠠᠭᠲᠠ ᠨᠢᠭᠡᠳᠦᠭᠡᠷ ᠠᠵᠢᠯ ᠤᠨ ᠠᠮᠵᠢᠯᠲᠠ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ᠂ ᠬᠢᠨᠠᠯᠲᠠ ᠬᠠᠮᠢᠶᠠᠷᠤᠯᠲᠠ ᠶᠢᠨ ᠰᠢᠰᠲ᠋ᠧᠮ᠂ ᠳᠦᠷᠢᠮ ᠤᠨ ᠰᠢᠰᠲ᠋ᠧᠮ᠂ ᠬᠠᠷᠢᠭᠤᠴᠠᠯᠭ᠎ᠠ ᠶᠢᠨ ᠰᠢᠰᠲ᠋ᠧᠮ ᠢ ᠪᠦᠷᠢᠨᠰᠢᠭᠦᠯᠬᠦ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠬᠠᠷᠢᠭᠤᠴᠠᠯᠭ᠎ᠠ ᠶᠢᠨ ᠭᠤᠣᠯ ᠴᠣᠭᠴᠠ ᠶᠢ ᠪᠣᠳᠠᠲᠠᠶᠢᠵᠢᠭᠤᠯᠬᠤ᠂ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠪᠣᠳᠠᠲᠠᠶᠢᠵᠢᠭᠤᠯᠬᠤ᠂ ᠬᠢᠨᠠᠨ ᠰᠢᠯᠭᠠᠵᠤ ᠬᠠᠷᠢᠭᠤᠴᠠᠯᠭ᠎ᠠ ᠨᠡᠬᠡᠮᠵᠢᠯᠡᠬᠦ ᠶᠢ ᠪᠣᠳᠠᠲᠠᠶᠢᠵᠢᠭᠤᠯᠬᠤ᠂ ᠨᠠᠮ ᠢ ᠬᠠᠮᠢᠶᠠᠷᠴᠤ ᠨᠠᠮ ᠢ ᠵᠠᠰᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃    ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ᠂ ᠵᠢᠭᠤᠯᠴᠢᠯᠠᠯ ᠤᠨ ᠠᠵᠢᠯ᠂ ᠴᠢᠳᠠᠪᠤᠷᠢᠲᠠᠨ ᠤ ᠠᠵᠢᠯ ᠵᠡᠷᠭᠡ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠠᠮ ᠤᠨ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠠᠵᠢᠯ ᠳᠠᠬᠢ ᠤᠳᠤᠷᠢᠳᠤᠯᠭ᠎ᠠ ᠶᠢ ᠴᠢᠩᠭᠠᠳᠬᠠᠵᠤ᠂ ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠪᠡᠶ᠎ᠡ ᠪᠠᠨ ᠳᠠᠭᠠᠭᠠᠵᠤ ᠬᠦᠴᠦᠷᠬᠡᠭᠵᠢᠬᠦ ᠶᠢ ᠠᠬᠢᠭᠤᠯᠵᠤ᠂ ᠰᠢᠨᠵᠢᠯᠡᠬᠦ ᠤᠬᠠᠭᠠᠨ ᠲᠧᠬᠨᠢᠭ᠋ ᠮᠡᠷᠭᠡᠵᠢᠯ ᠤᠨ ᠦᠷ᠎ᠡ ᠪᠦᠲᠦᠭᠡᠯ ᠢ ᠣᠨᠳᠣᠣᠰᠢᠭᠤᠯᠬᠤ ᠶᠢ ᠴᠢᠩᠭᠠᠳᠬᠠᠬᠤ ᠬᠡᠷᠡᠭᠲᠡᠢ᠃ ᠴᠢᠳᠠᠪᠤᠷᠢᠲᠠᠨ ᠤ ᠠᠵᠢᠯ ᠤᠨ ᠤᠯᠤᠰ ᠲᠥᠷᠥ ᠶᠢᠨ ᠵᠢᠯᠣᠭᠤᠳᠤᠮᠵᠢ ᠶᠢ ᠴᠢᠩᠭᠠᠳᠬᠠᠵᠤ᠂ ᠬᠥᠳᠡᠯᠮᠦᠷᠢ ᠶᠢ ᠬᠦᠨᠳᠦᠳᠬᠡᠬᠦ᠂ ᠮᠡᠳᠡᠯᠭᠡ ᠶᠢ ᠬᠦᠨᠳᠦᠳᠬᠡᠬᠦ᠂ ᠴᠢᠳᠠᠪᠤᠷᠢᠲᠠᠨ ᠢ ᠬᠦᠨᠳᠦᠳᠬᠡᠬᠦ᠂ ᠡᠭᠦᠳᠦᠨ ᠪᠦᠲᠦᠭᠡᠯᠲᠡ ᠶᠢ ᠬᠦᠨᠳᠦᠳᠬᠡᠬᠦ ᠶᠢ ᠪᠠᠷᠢᠮᠲᠠᠯᠠᠵᠤ᠂ ᠴᠢᠳᠠᠪᠤᠷᠢᠲᠠᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠳᠠᠪᠤᠷᠢᠲᠠᠨ ᠢᠶᠠᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠯᠲᠡ ᠶᠢ ᠠᠬᠢᠭᠤᠯᠬᠤ ᠬᠡᠷᠡᠭᠲᠡᠢ᠃ ᠣᠳᠣ ᠦᠶ᠎ᠡ ᠶᠢᠨ ᠵᠤᠭᠠᠴᠠᠯ ᠤᠨ ᠦᠢᠯᠡᠰ ᠤᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠲᠥᠪ ᠭᠤᠣᠯᠴᠢ ᠪᠠᠷ ᠰᠢᠨ᠎ᠡ ᠶᠢ ᠡᠭᠦᠳᠬᠦ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ᠂ ᠠᠭᠤᠰᠤᠯᠴᠠᠨ ᠬᠥᠭᠵᠢᠬᠦ ᠶᠢ ᠪᠠᠷᠢᠮᠲᠠᠯᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号