ᠪᠠᠶᠠᠨᠬᠤᠰᠢᠭᠤ ᠪᠠᠯᠭᠠᠰᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/7/9
   ᠪᠦᠬᠦ ᠪᠠᠯᠭᠠᠰᠤᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠠᠲᠤᠯᠠᠭ᠎ᠠ ᠶᠢᠨ ᠬᠡᠪᠴᠢᠶ᠎ᠡ ᠶᠢ ᠥᠷᠭᠡᠳᠬᠡᠨ᠂ ᠪᠠᠲᠤᠯᠠᠭ᠎ᠠ ᠶᠢᠨ ᠬᠢᠷᠢ ᠲᠦᠪᠰᠢᠨ ᠵᠢᠴᠢ ᠳᠠᠭᠠᠳᠬᠠᠯ ᠳᠤ ᠣᠷᠣᠯᠴᠠᠬᠤ ᠪᠦᠷᠬᠦᠴᠡ ᠶᠢᠨ ᠨᠣᠷᠮ᠎ᠠ ᠶᠢ ᠳᠡᠭᠡᠭᠰᠢᠯᠡᠭᠦᠯᠬᠦ ᠶᠢᠨ ᠲᠥᠯᠥᠭᠡ ᠶᠤᠮ᠃ ᠣᠶᠢᠷ᠎ᠠ ᠳᠤ᠂ ᠪᠠᠶᠠᠨᠬᠤᠰᠢᠭᠤ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠳᠠᠭᠠᠳᠬᠠᠯ ᠤᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃    ᠠᠵᠢᠯᠯᠠᠭ᠎ᠠ ᠶᠢᠨ ᠳᠤᠮᠳᠠ᠂ ᠠᠵᠢᠯᠲᠠᠳ ᠠᠶᠢᠯ ᠡᠷᠦᠬᠡ ᠳᠤ ᠬᠦᠷᠴᠦ᠂ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠬᠠᠭᠤᠯᠭ᠎ᠠ ᠬᠢᠵᠦ ᠠᠬᠢᠭᠤᠯᠬᠤ ᠬᠤᠷᠠᠯ ᠬᠤᠷᠠᠯᠳᠤᠭᠤᠯᠬᠤ᠂ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠤᠬᠠᠭᠤᠯᠭ᠎ᠠ ᠶᠢᠨ ᠲᠣᠳᠣᠷᠬᠠᠢ ᠬᠠᠭᠤᠳᠠᠰᠤ ᠨᠠᠭᠠᠬᠤ᠂ ᠲᠥᠷᠥ ᠶᠢᠨ ᠪᠣᠳᠣᠯᠭ᠎ᠠ ᠶᠢᠨ ᠲᠣᠳᠣᠷᠬᠠᠶᠢᠯᠠᠯᠲᠠ ᠶᠢᠨ ᠬᠠᠭᠤᠳᠠᠰᠤ ᠨᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ᠂ ᠰᠦᠢᠳᠬᠡᠯ ᠲᠤᠰᠢᠶᠠᠬᠤ ᠪᠠᠷᠢᠮᠵᠢᠶ᠎ᠠ᠂ ᠰᠦᠢᠳᠬᠡᠯ ᠲᠤᠰᠢᠶᠠᠬᠤ ᠲᠠᠰ᠂ ᠡᠳ᠋ ᠤᠨ ᠵᠠᠰᠠᠭ ᠤᠨ ᠨᠥᠬᠦᠪᠥᠷᠢ᠂ ᠣᠯᠭᠤᠮᠵᠢ ᠠᠪᠬᠤ ᠪᠠ ᠳᠠᠭᠠᠳᠬᠠᠯ ᠳᠤ ᠣᠷᠣᠯᠴᠠᠬᠤ ᠠᠷᠭ᠎ᠠ ᠮᠠᠶ᠋ᠢᠭ ᠵᠡᠷᠭᠡ ᠲᠥᠷᠥ ᠶᠢᠨ ᠪᠣᠳᠣᠯᠭ᠎ᠠ ᠶᠢᠨ ᠮᠡᠳᠡᠭᠡ ᠵᠠᠩᠭᠢ ᠶᠢ ᠥᠷᠭᠡᠨ ᠢᠶᠠᠷ ᠤᠬᠠᠭᠤᠯᠬᠤ ᠶᠢᠨ ᠬᠠᠮᠲᠤ ᠳᠠᠭᠠᠳᠬᠠᠯ ᠳᠤ ᠣᠷᠣᠯᠴᠠᠬᠤ ᠭᠠᠷᠳᠠᠮ ᠢ ᠬᠡᠷᠬᠢᠨ ᠭᠦᠢᠴᠡᠳᠬᠡᠬᠦ ᠵᠡᠷᠭᠡ ᠠᠰᠠᠭᠤᠳᠠᠯ ᠤᠨ ᠲᠤᠬᠠᠢ ᠨᠠᠷᠢᠨ ᠲᠣᠳᠣᠷᠬᠠᠢ ᠬᠠᠷᠢᠭᠤᠯᠲᠠ ᠥᠭᠴᠦ᠂ ᠮᠠᠯᠴᠢᠨ ᠲᠠᠷᠢᠶᠠᠴᠢᠨ ᠳᠤ ︽ᠲᠣᠳᠣᠷᠬᠠᠢ ᠳᠠᠩᠰᠠ︾ ᠶᠢ ᠰᠠᠶᠢᠲᠤᠷ ᠪᠣᠳᠣᠵᠤ᠂ ᠳᠠᠭᠠᠳᠬᠠᠯ ᠳᠤ ᠣᠷᠣᠯᠴᠠᠵᠤ ᠳᠠᠭᠠᠳᠬᠠᠯ ᠤᠨ ᠰᠦᠢᠳᠬᠡᠯ ᠲᠤᠰᠢᠶᠠᠬᠤ ᠢᠳᠡᠪᠬᠢᠵᠢᠯ ᠢ ᠤᠯᠠᠮ ᠨᠢᠭᠡ ᠠᠯᠬᠤᠮ ᠳᠠᠶᠢᠴᠢᠯᠠᠪᠠ᠃ ᠡᠭᠦᠨ ᠤ ᠬᠠᠮᠲᠤ᠂ ᠠᠵᠢᠯᠲᠠᠳ ᠣᠯᠠᠨ ᠢ ︽ᠨᠡᠶᠢᠭᠡᠮ ᠤᠨ ᠳᠠᠭᠠᠳᠬᠠᠯ ᠤᠨ ᠰᠦᠢᠳᠬᠡᠯ ᠲᠤᠰᠢᠶᠠᠬᠤ︾ ᠵᠢᠵᠢᠭ ᠳᠡᠰ ᠳᠠᠷᠠᠭᠠᠯᠠᠯ ᠢᠶᠠᠷ ᠳᠠᠮᠵᠢᠭᠤᠯᠤᠨ ᠪᠡᠶ᠎ᠡ ᠪᠠᠨ ᠳᠠᠭᠠᠭᠠᠵᠤ ᠰᠦᠢᠳᠬᠡᠯ ᠲᠤᠰᠢᠶᠠᠬᠤ ᠶᠢ ᠵᠢᠭᠠᠨ ᠵᠢᠯᠣᠭᠤᠳᠴᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠪᠡ᠃    ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠪᠠᠷ ᠳᠠᠮᠵᠢᠭᠤᠯᠤᠨ᠂ ᠮᠠᠯᠴᠢᠨ ᠲᠠᠷᠢᠶᠠᠴᠢᠨ ᠲᠦᠮᠡᠨ ᠤ ᠳᠠᠭᠠᠳᠬᠠᠯ ᠳᠤ ᠣᠷᠣᠯᠴᠠᠬᠤ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠠᠶᠢᠨ ᠰᠠᠶᠢᠬᠠᠨ ᠳᠠᠭᠠᠳᠬᠠᠯ ᠳᠤ ᠣᠷᠣᠯᠴᠠᠬᠤ ᠠᠭᠤᠷ ᠠᠮᠢᠰᠬᠤᠯ ᠢ ᠪᠣᠢ ᠪᠣᠯᠭᠠᠵᠤ᠂ ᠰᠠᠭᠤᠭᠠᠯᠢ ᠠᠷᠠᠳ ᠤᠨ ᠨᠠᠰᠤᠵᠢᠯ ᠤᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠵᠠᠢ᠃ ᠳᠠᠷᠠᠭᠠᠴᠢ ᠶᠢᠨ ᠠᠯᠬᠤᠮ ᠳᠤ᠂ ᠪᠠᠶᠠᠨᠬᠤᠰᠢᠭᠤ ᠪᠠᠯᠭᠠᠰᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠢ ᠣᠶᠢᠯᠠᠭᠠᠯᠲᠠ ᠪᠠ ᠣᠷᠣᠯᠴᠠᠬᠤ ᠬᠡᠮᠵᠢᠶ᠎ᠡ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ 2024 ᠣᠨ ᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠦᠢᠳᠬᠡᠯ ᠬᠤᠷᠢᠶᠠᠬᠤ ᠡᠭᠦᠷᠭᠡ ᠶᠢ ᠴᠢᠨᠠᠷ ᠰᠠᠶᠢᠲᠠᠢ ᠰᠠᠶᠢᠲᠤᠷ ᠪᠡᠶᠡᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号