ᠪᠠᠶᠠᠨᠬᠤᠰᠢᠭᠤ ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠪᠠᠶᠠᠨᠬᠤᠰᠢᠭᠤ ᠪᠠᠯᠭᠠᠰᠤ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ ᠠᠷᠪᠠᠨ ᠭᠤᠷᠪᠠᠳᠤᠭᠠᠷ ᠤᠳᠠᠭ᠎ᠠ ᠶᠢᠨ ᠲᠥᠪᠯᠡᠷᠡᠭᠦᠯᠦᠨ ᠰᠤᠷᠤᠯᠴᠠᠬᠤ ᠬᠤᠷᠠᠯ ᠬᠤᠷᠠᠯᠳᠤᠭᠤᠯᠪᠠ᠃ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠸᠠᠩ ᠪᠦᠦ ᠵᠢᠶᠦ᠋ᠨ ᠬᠤᠷᠠᠯ ᠡᠷᠬᠢᠯᠡᠪᠡ᠃    ᠬᠤᠷᠠᠯ ᠳᠡᠭᠡᠷ᠎ᠡ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠠᠮ ᠤᠨ ᠬᠤᠷᠢ᠊ ᠡᠶ᠎ᠡ ︵ᠨᠠᠮ ᠤᠨ ᠳᠤᠭᠤᠶᠢᠯᠠᠩ︶ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠬᠤ ᠳᠦᠷᠢᠮ︾ ᠤᠨ ᠲᠤᠬᠠᠢ ᠲᠤᠰᠬᠠᠢ ᠰᠡᠳᠦᠪ ᠢᠶᠠᠷ ᠰᠤᠷᠤᠯᠴᠠᠪᠠ᠃    ᠬᠤᠷᠠᠯ ᠠᠴᠠ᠂ ᠣᠨᠣᠯ ᠤᠨ ᠰᠤᠷᠤᠯᠴᠠᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠣᠨᠣᠯ ᠤᠨ ᠰᠤᠷᠤᠯᠴᠠᠯᠭ᠎ᠠ ᠶᠢᠨ ᠱᠠᠭᠠᠷᠳᠠᠯᠭ᠎ᠠ ᠶᠢ ᠭᠤᠣᠯᠳᠠᠯᠭ᠎ᠠ ᠲᠠᠢ ᠴᠢᠩᠭᠠᠳᠬᠠᠵᠤ᠂ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢ ᠳᠦᠷᠢᠮᠵᠢᠭᠦᠯᠵᠦ᠂ ᠵᠢᠷᠤᠮᠵᠢᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠬᠠᠷᠠᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠮᠲᠤ ᠪᠠᠷ ᠰᠤᠷᠤᠯᠴᠠᠵᠤ ᠰᠤᠳᠤᠯᠤᠨ ᠶᠠᠷᠢᠯᠴᠠᠬᠤ᠂ ᠬᠤᠪᠢ ᠬᠥᠮᠦᠨ ᠥᠪᠡᠷ ᠢᠶᠠᠨ ᠰᠤᠷᠤᠯᠴᠠᠬᠤ᠂ ᠲᠤᠰᠬᠠᠢ ᠰᠡᠳᠦᠪᠲᠦ ᠪᠠᠶᠢᠴᠠᠭᠠᠨ ᠰᠤᠳᠤᠯᠤᠯᠲᠠ ᠬᠢᠬᠦ ᠶᠢ ᠦᠨᠡᠨ ᠬᠦ ᠰᠠᠶᠢᠲᠤᠷ ᠠᠳᠬᠤᠵᠤ᠂ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠰᠤᠷᠤᠯᠴᠠᠯᠭ᠎ᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠨᠣᠯ ᠤᠨ ᠰᠤᠷᠤᠯᠴᠠᠯᠭ᠎ᠠ ᠶᠢ ᠲᠠᠷᠢᠬᠢ ᠲᠣᠯᠣᠭᠠᠢ ᠳᠠᠭᠠᠨ ᠬᠠᠳᠠᠩᠰᠢᠭᠤᠯᠵᠤ᠂ ᠦᠢᠯᠡ ᠠᠵᠢᠯᠯᠠᠭ᠎ᠠ ᠬᠢᠵᠦ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠶᠢ ᠦᠷᠭᠦᠯᠵᠢᠯᠡᠨ ᠠᠬᠢᠭᠤᠯᠵᠤ᠂ ᠥᠨᠳᠥᠷ ᠪᠠᠷᠢᠮᠵᠢᠶ᠎ᠠ᠂ ᠥᠨᠳᠥᠷ ᠱᠠᠭᠠᠷᠳᠠᠯᠭ᠎ᠠ᠂ ᠥᠨᠳᠥᠷ ᠵᠣᠭᠰᠣᠴᠠ ᠠᠴᠠ ᠣᠨᠣᠯ ᠤᠨ ᠰᠤᠷᠤᠯᠴᠠᠯᠭ᠎ᠠ ᠶᠢ ᠠᠬᠢᠭᠤᠯᠵᠤ᠂ ᠬᠤᠪᠢᠷᠠᠭᠤᠯᠬᠤ ᠠᠵᠢᠯ ᠢ ᠰᠠᠶᠢᠲᠤᠷ ᠬᠢᠵᠦ᠂ ᠢᠮᠠᠭᠲᠠ ᠨᠠᠮ ᠤᠨ ᠰᠢᠨ᠎ᠡ ᠶᠢ ᠡᠭᠦᠳᠬᠦ ᠣᠨᠣᠯ ᠢᠶᠠᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠵᠤ᠂ ᠠᠵᠢᠯ ᠢᠶᠠᠨ ᠠᠬᠢᠭᠤᠯᠵᠤ᠂ ᠦᠨᠡᠨᠬᠦ ᠨᠡᠩ ᠥᠨᠳᠥᠷ ᠵᠣᠭᠰᠣᠴᠠ ᠪᠠᠷ ᠣᠨᠣᠯ ᠤᠨ ᠰᠤᠷᠤᠯᠴᠠᠯᠭ᠎ᠠ ᠶᠢᠨ ᠶᠠᠰᠤ ᠴᠢᠨᠠᠷ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠬᠡᠷᠡᠭᠲᠡᠢ᠃    ᠪᠠᠯᠭᠠᠰᠤᠨ ᠤ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号