ᠪᠠᠶᠠᠨᠨᠠᠭᠤᠷ ᠰᠤᠮᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠠᠭᠤᠷ ᠠᠮᠢᠰᠬᠤᠯ ᠢ ᠪᠣᠢ ᠪᠣᠯᠭᠠᠬᠤ ᠶᠢᠨ ᠲᠥᠯᠥᠭᠡ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠭᠦᠨᠵᠡᠭᠡᠢ ᠴᠡᠭᠴᠡᠯᠡᠨ ᠵᠠᠰᠠᠵᠤ᠂ ᠣᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠥᠷᠥᠭᠳᠡᠯ ᠪᠣᠯᠤᠨ ᠠᠮᠤᠷ ᠲᠦᠪᠰᠢᠨ ᠤ ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠬᠦ ᠬᠡᠷᠡᠭᠲᠡᠢ᠃ 7 ᠰᠠᠷ᠎ᠠ ᠶᠢᠨ 3 ᠤ ᠡᠳᠦᠷ᠂ ᠪᠠᠶᠠᠨᠨᠠᠭᠤᠷ ᠰᠤᠮᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ ᠬᠤᠷᠠᠯ ᠢ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢ᠊ ᠡᠶ᠎ᠡ ᠬᠢᠨᠠᠨ ᠪᠠᠶᠢᠴᠠᠭᠠᠬᠤ ᠵᠥᠪᠯᠡᠯ ᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠲᠤᠬᠠᠢ ᠱᠠᠭᠠᠷᠳᠠᠯᠭ᠎ᠠ ᠶᠢ ᠳᠠᠬᠢᠨᠲᠠ ᠤᠯᠠᠮᠵᠢᠯᠠᠵᠤ᠂ ᠣᠶᠢᠷ᠎ᠠ ᠶᠢᠨ ᠬᠤᠭᠤᠴᠠᠭᠠᠨ ᠳᠤ ᠪᠦᠬᠦ ᠰᠤᠮᠤ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢ ᠮᠡᠳᠡᠭᠳᠡᠵᠦ᠂ ᠬᠠᠷᠠᠯᠲᠠ ᠪᠠᠨ ᠤᠯᠠᠮ ᠨᠢᠭᠡ ᠠᠯᠬᠤᠮ ᠲᠣᠳᠣᠷᠬᠠᠶᠢᠯᠠᠵᠤ᠂ ᠬᠦᠴᠦᠨ ᠢᠶᠠᠨ ᠲᠥᠪᠯᠡᠷᠡᠭᠦᠯᠦᠨ᠂ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠬᠢᠨ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠰᠤᠮᠤ ᠨᠢ ᠣᠯᠠᠨ ᠲᠦᠮᠡᠨ ᠤ ᠲᠡᠷᠭᠡᠨ ᠠᠴᠠ ᠬᠠᠮᠤᠭ ᠤᠨ ᠣᠶᠢᠷ᠎ᠠ ᠪᠠᠶᠢᠭ᠎ᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠤᠣᠯ ᠲᠠᠯᠠᠪᠤᠷ ᠪᠣᠯᠤᠭᠰᠠᠨ ᠤ ᠬᠤᠪᠢ ᠳᠤ᠂ ᠨᠡᠩ ᠴᠤ ᠴᠢᠬᠤᠯᠠ ᠶᠡᠭᠡ ᠤᠯᠤᠰ ᠲᠥᠷᠥ ᠶᠢᠨ ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠦᠨ᠂ ᠠᠷᠠᠳ ᠲᠦᠮᠡᠨ ᠢ ᠳᠡᠭᠡᠳᠦᠯᠡᠬᠦ ᠶᠢ ᠢᠮᠠᠭᠲᠠ ᠪᠠᠷᠢᠮᠲᠠᠯᠠᠵᠤ᠂ ︽ᠬᠤᠶᠠᠷ ᠢ ᠲᠣᠭᠲᠠᠭᠠᠬᠤ︾ ᠶᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠤᠯᠤᠰ ᠲᠥᠷᠥ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠭᠤᠣᠯᠳᠠᠯᠭ᠎ᠠ ᠶᠢ ᠲᠣᠳᠣᠷᠬᠠᠶᠢᠯᠠᠬᠤ ᠬᠡᠷᠡᠭᠲᠡᠢ᠃ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠭᠤᠭᠴᠤᠭ᠎ᠠ ᠶᠢ ᠡᠵᠡᠮᠳᠡᠵᠦ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠵᠤ᠂ ᠠᠬᠢᠴᠠ ᠶᠢᠨ ᠪᠠᠶᠢᠳᠠᠯ ᠢ ᠨᠠᠷᠢᠨ ᠬᠢᠨᠠᠮᠠᠭᠠᠢ ᠡᠮᠬᠢᠯᠡᠵᠦ᠂ ᠣᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠣᠯᠠᠨ ᠲᠦᠮᠡᠨ ᠤ ᠲᠤᠰᠬᠠᠯ ᠲᠣᠪᠤᠶᠢᠮ᠎ᠠ ᠪᠠᠶᠢᠭ᠎ᠠ ᠢᠯᠵᠠᠷᠠᠯ ᠪᠠ ᠲᠥᠪ ᠪᠤᠰᠤ ᠰᠤᠷᠲᠠᠯ ᠤᠨ ᠠᠰᠠᠭᠤᠳᠠᠯ ᠢ ᠭᠤᠣᠯᠳᠠᠯᠭ᠎ᠠ ᠲᠠᠢ ᠡᠷᠢᠵᠦ᠂ ᠣᠯᠠᠨ ᠲᠦᠮᠡᠨ ᠤ ᠳᠡᠷᠭᠡᠳᠡ ᠡᠭᠦᠰᠴᠦ᠂ ᠣᠯᠠᠨ ᠲᠦᠮᠡᠨ ᠢ ᠭᠦᠨ ᠵᠢᠭᠰᠢᠨ ᠬᠤᠷᠣᠰᠬᠤ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠭᠦᠨᠵᠡᠭᠡᠶᠢᠷᠡᠨ ᠥᠷᠨᠢᠬᠦ᠂ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ᠃ ᠭᠤᠷᠪᠠ ᠳᠤ᠂ ᠴᠡᠭᠴᠡᠯᠡᠨ ᠵᠠᠰᠠᠬᠤ ᠠᠷᠭ᠎ᠠ ᠬᠡᠮᠵᠢᠶ᠎ᠡ ᠶᠢ ᠴᠢᠩᠭᠠᠳᠬᠠᠵᠤ᠂ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠴᠢᠬᠤᠯᠠᠴᠢᠯᠠᠬᠤ ᠬᠡᠷᠡᠭᠲᠡᠢ᠃ ᠮᠠᠨ ᠤ ᠰᠤᠮᠤ ᠶᠢᠨ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠭᠦᠨᠵᠡᠭᠡᠢ ᠥᠷᠨᠢᠭᠦᠯᠵᠦ᠂ ᠪᠦᠬᠦ ᠲᠠᠯ᠎ᠠ ᠪᠠᠷ ᠨᠠᠷᠢᠨ ᠨᠢᠮᠪᠠᠢ ᠡᠮᠬᠢᠯᠡᠵᠦ᠂ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠵᠤ᠂ ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ︔ ᠪᠠᠭ ᠤᠨ ᠪᠦᠷᠢᠯᠳᠦᠬᠦᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠭᠦᠢᠴᠡᠳᠬᠡᠵᠦ᠂ ᠬᠤᠪᠢᠳᠠᠨ ᠬᠠᠮᠢᠶᠠᠷᠴᠤ ᠪᠠᠶᠢᠭ᠎ᠠ ᠰᠠᠯᠠᠭ᠎ᠠ ᠮᠥᠴᠢᠷ᠂ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠴᠡᠭᠴᠡᠯᠡᠨ ᠵᠠᠰᠠᠬᠤ ᠠᠵᠢᠯ ᠢ ᠲᠦᠷᠦᠭᠦᠯᠡᠨ ᠰᠠᠶᠢᠲᠤᠷ ᠠᠳᠬᠤᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠶᠢ ᠮᠥᠷᠳᠡᠨ ᠡᠵᠡᠮᠳᠡᠵᠦ᠂ ᠰᠤᠮᠤᠨ ᠤ ᠮᠠᠯᠴᠢᠨ ᠲᠠᠷᠢᠶᠠᠴᠢᠨ ᠳᠤ ᠦᠨᠡᠨ ᠬᠤᠪᠢᠷᠠᠯᠲᠠ ᠶᠢ ᠦᠵᠡᠭᠦᠯᠵᠦ᠂ ᠦᠨᠡᠨ ᠪᠣᠳᠠᠲᠠᠢ ᠠᠰᠢᠭ ᠬᠦᠷᠲᠡᠭᠡᠵᠦ᠂ ᠰᠤᠷᠲᠠᠯ ᠴᠢᠬᠡᠴᠢ ᠣᠪᠣᠷ ᠲᠥᠪ ᠨᠡᠶᠢᠭᠡᠮ ᠤᠨ ᠣᠷᠴᠢᠨ ᠲᠣᠭᠤᠷᠢᠨ ᠢ ᠪᠣᠢ ᠪᠣᠯᠭᠠᠵᠤ᠂ ᠰᠤᠮᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号