ᠪᠠᠶᠠᠨᠨᠠᠭᠤᠷ ᠰᠤᠮᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   ᠡᠯ᠎ᠡ ᠭᠠᠴᠠᠭᠠᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠢᠯ ᠤᠨ ᠰᠡᠳᠬᠢᠴᠡ ᠪᠠᠨ ᠲᠣᠳᠣᠷᠬᠠᠶᠢᠯᠠᠨ᠂ ᠠᠵᠢᠯ ᠤᠨ ᠡᠭᠦᠷᠭᠡ ᠪᠠᠨ ᠲᠣᠳᠣᠷᠬᠠᠶᠢᠯᠠᠬᠤ ᠶᠢᠨ ᠲᠥᠯᠥᠭᠡ᠂ 7 ᠰᠠᠷ᠎ᠠ ᠶᠢᠨ 4 ᠤ ᠡᠳᠦᠷ᠂ ᠪᠠᠶᠠᠨᠨᠠᠭᠤᠷ ᠰᠤᠮᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠵᠠᠰᠠᠭ ᠤᠨ ᠭᠤᠣᠯ ᠤᠳᠤᠷᠢᠳᠤᠯᠭ᠎ᠠ᠂ ᠬᠠᠮᠢᠶ᠎ᠠ ᠪᠦᠬᠦᠢ ᠠᠵᠢᠯᠲᠠᠨ ᠵᠢᠴᠢ ᠭᠠᠴᠠᠭᠠᠨ ᠤ ︽ᠬᠤᠶᠠᠷ ᠵᠥᠪᠯᠡᠯ︾ ᠤᠨ ᠬᠤᠷᠠᠯ ᠳᠤ ᠣᠷᠣᠯᠴᠠᠵᠠᠢ᠃    ᠬᠤᠷᠠᠯ ᠳᠡᠭᠡᠷ᠎ᠡ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠪᠣᠳᠠᠲᠠᠢ ᠱᠠᠭᠠᠷᠳᠠᠯᠭ᠎ᠠ ᠶᠢ ᠤᠯᠠᠮᠵᠢᠯᠠᠵᠤ᠂ ᠡᠯ᠎ᠡ ᠭᠠᠴᠠᠭᠠᠨ ᠤ ᠣᠳᠣᠬᠠᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠭᠰᠡᠨ ᠪᠥᠭᠡᠳ ᠡᠯ᠎ᠡ ᠭᠠᠴᠠᠭᠠᠨ ᠤ ᠣᠳᠣᠬᠢ ᠱᠠᠲᠤᠨ ᠳᠤ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ ᠢᠯᠡ ᠪᠣᠯᠭᠠᠭᠰᠠᠨ ᠠᠭᠤᠯᠭ᠎ᠠ ᠨᠢ ᠲᠡᠭᠦᠯᠳᠡᠷ ᠪᠤᠰᠤ᠂ ᠢᠯᠡ ᠪᠣᠯᠭᠠᠭᠰᠠᠨ ᠴᠠᠭ ᠨᠢ ᠴᠠᠭ ᠲᠤᠬᠠᠢ ᠳᠤᠨᠢ ᠪᠢᠰᠢ᠂ ᠮᠡᠳᠡᠭᠡ ᠵᠠᠩᠭᠢ ᠶᠢ ᠣᠷᠣᠭᠤᠯᠤᠭᠰᠠᠨ ᠨᠢ ᠪᠦᠷᠢᠨ ᠪᠤᠰᠤ ᠭᠠᠴᠠᠭᠠᠨ ᠤ ᠱᠠᠭᠠᠷᠳᠠᠯᠭ᠎ᠠ ᠶᠢ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠃ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠴᠠᠭ ᠲᠤᠬᠠᠢ ᠳᠤᠨᠢ ᠢᠯᠡ ᠪᠣᠯᠭᠠᠬᠤ᠂ ᠲᠣᠭᠲᠠᠮᠠᠯ ᠬᠤᠭᠤᠴᠠᠭ᠎ᠠ ᠲᠠᠢ ᠪᠠᠷ ᠢᠯᠡ ᠪᠣᠯᠭᠠᠬᠤ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠵᠡᠷᠭᠡ ᠪᠠᠷ ᠢᠯᠡ ᠪᠣᠯᠭᠠᠬᠤ ᠶᠢ ᠤᠶᠠᠯᠳᠤᠭᠤᠯᠬᠤ ᠠᠵᠢᠯ ᠤᠨ ᠬᠡᠯᠪᠡᠷᠢ ᠶᠢ ᠠᠪᠴᠤ᠂ ᠭᠠᠴᠠᠭ᠎ᠠ ᠶᠢ ᠢᠯᠡ ᠪᠣᠯᠭᠠᠬᠤ ᠠᠵᠢᠯ ᠤᠨ ᠣᠨᠣᠪᠴᠢᠲᠤ ᠴᠢᠨᠠᠷ᠂ ᠴᠠᠭ ᠲᠤᠬᠠᠶᠢᠴᠢ ᠴᠢᠨᠠᠷ᠂ ᠦᠨᠡᠨ ᠪᠣᠳᠠᠲᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ᠂ ᠨᠢᠭᠡ ᠳᠤ᠂ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠭᠠᠴᠠᠭᠠᠨ ᠤ ᠱᠦᠵᠢ ︽ᠨᠢᠭᠡᠳᠦᠭᠡᠷ ᠬᠠᠷᠢᠭᠤᠴᠠᠯᠭᠠᠲᠠᠨ︾ ᠪᠣᠯᠤᠭᠰᠠᠨ ᠤ ᠬᠤᠪᠢ ᠳᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠡᠭᠦᠷᠭᠡᠯᠡᠵᠦ᠂ ᠡᠯ᠎ᠡ ᠵᠦᠢᠯ ᠤᠨ ᠡᠭᠦᠷᠭᠡ ᠶᠢᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠬᠤᠶᠠᠷ ᠲᠤ ᠢᠯᠡ ᠪᠣᠯᠭᠠᠬᠤ ᠠᠭᠤᠯᠭ᠎ᠠ ᠶᠢ ᠲᠡᠭᠦᠯᠳᠡᠷᠵᠢᠭᠦᠯᠬᠦ ᠬᠡᠷᠡᠭᠲᠡᠢ᠃ ᠭᠤᠷᠪᠠ ᠳᠤ᠂ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠡᠯ᠎ᠡ ᠭᠠᠴᠠᠭᠠᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠤᠨ ᠮᠡᠳᠡᠭᠡ ᠵᠠᠩᠭᠢ ᠶᠢᠨ ᠪᠣᠭᠤᠮᠲᠠ ᠶᠢ ᠴᠢᠩᠭ᠎ᠠ ᠠᠳᠬᠤᠵᠤ᠂ ᠣᠯᠠᠨ ᠲᠦᠮᠡᠨ ᠤ ᠪᠠᠶᠢᠳᠠᠯ ᠢ ᠮᠡᠳᠡᠬᠦ ᠡᠷᠬᠡ ᠶᠢ ᠭᠦᠢᠴᠡᠳ ᠪᠠᠲᠤᠯᠠᠵᠤ᠂ ᠣᠯᠠᠨ ᠲᠦᠮᠡᠨ ᠤ ᠬᠢᠨᠠᠯᠲᠠ ᠲᠠᠯᠪᠢᠬᠤ ᠠᠷᠭ᠎ᠠ ᠵᠠᠮ ᠢ ᠥᠷᠭᠡᠳᠬᠡᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号