ᠰᠢᠨᠠᠵᠠᠮ ᠰᠤᠮᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠰᠢᠨᠠᠵᠠᠮ ᠰᠤᠮᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢ᠊ ᠡᠶ᠎ᠡ ᠶᠢᠨ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠪᠠᠭ ᠤᠨ ᠭᠡᠰᠢᠭᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠠᠢ᠃    ᠬᠤᠷᠠᠯ ᠠᠴᠠ ︽︿ᠭᠤᠷᠪᠠ ᠶᠢ ᠠᠯᠤᠰᠯᠠᠨ ᠭᠤᠷᠪᠠ ᠶᠢ ᠰᠠᠯᠭᠠᠬᠤ﹀ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠤᠨ ᠠᠵᠢᠯ ᠤᠨ ᠲᠥᠯᠥᠪᠵᠢᠭᠦᠯᠭᠡ ︵ᠬᠡᠷᠡᠭᠵᠢᠭᠦᠯᠬᠦ︶ ᠶᠢ ᠤᠯᠠᠮᠵᠢᠯᠠᠨ ᠲᠠᠷᠬᠠᠭᠠᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠮᠠᠨ ᠤ ᠰᠤᠮᠤ ᠶᠢᠨ ᠣᠶᠢᠷ᠎ᠠ ᠶᠢᠨ ᠬᠤᠭᠤᠴᠠᠭᠠᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠰᠢᠢᠳᠪᠦᠷᠢᠯᠡᠭᠰᠡᠨ ᠪᠠᠶᠢᠳᠠᠯ ᠢ ᠵᠠᠷᠯᠠᠨ ᠮᠡᠳᠡᠭᠳᠡᠵᠦ᠂ ᠣᠳᠣᠬᠠᠨ ᠤ ᠮᠠᠨ ᠤ ᠰᠤᠮᠤ ᠶᠢᠨ ᠬᠡᠪᠴᠢᠶᠡᠨ ᠳᠤ ᠣᠷᠣᠰᠢᠵᠤ ᠪᠠᠶᠢᠭ᠎ᠠ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠵᠠᠬᠢᠳᠠᠯ ᠰᠤᠷᠪᠤᠯᠵᠢᠯᠠᠭ᠎ᠠ ᠶᠢ ᠠᠷᠢᠯᠭᠠᠬᠤ ᠠᠵᠢᠯ ᠢ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠨᠢᠭᠡ ᠳᠤ ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ ᠠᠵᠢᠯ ᠢ ᠪᠠᠶᠢᠩᠭᠤ ᠶᠢᠨ ᠴᠢᠨᠠᠷᠲᠠᠢ ᠠᠵᠢᠯ ᠪᠣᠯᠭᠠᠨ ᠴᠥᠬᠦᠷᠡᠰᠢ ᠦᠭᠡᠢ ᠠᠳᠬᠤᠵᠤ᠂ ᠣᠳᠣᠬᠠᠨ ᠤ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠪᠠᠶᠢᠳᠠᠯ ᠢ ᠬᠠᠮᠠᠭᠠᠯᠠᠬᠤ ᠠᠵᠢᠯ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠥᠷᠢᠰᠥᠯᠳᠦᠭᠡᠨ᠂ ᠰᠢᠨ᠎ᠡ ᠡᠭᠦᠷᠭᠡ ᠶᠢ ᠦᠨᠡᠨ ᠬᠦ ᠲᠣᠳᠣᠷᠬᠠᠢ ᠲᠠᠨᠢᠵᠤ᠂ ᠵᠠᠬᠢᠳᠠᠯ ᠰᠤᠷᠪᠤᠯᠵᠢᠯᠠᠭ᠎ᠠ ᠶᠢᠨ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠩᠭᠤᠵᠢᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠳᠤᠮᠳᠠ ᠢᠯᠡᠷᠡᠭᠰᠡᠨ ᠬᠦᠴᠢᠷ ᠠᠰᠠᠭᠤᠳᠠᠯ ᠢ ᠴᠠᠭ ᠲᠤᠬᠠᠢ ᠳᠤᠨᠢ ᠰᠤᠳᠤᠯᠤᠨ ᠶᠠᠷᠢᠯᠴᠠᠵᠤ᠂ ᠮᠠᠨ ᠤ ᠰᠤᠮᠤ ᠶᠢᠨ ᠵᠠᠬᠢᠳᠠᠯ ᠰᠤᠷᠪᠤᠯᠵᠢᠯᠠᠭ᠎ᠠ ᠶᠢᠨ ᠪᠠᠶᠢᠳᠠᠯ ᠤᠨ ᠶᠡᠷᠦᠩᠬᠡᠢ ᠳᠡᠭᠡᠨ ᠲᠣᠭᠲᠠᠭᠤᠨ ᠪᠠᠶᠢᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠬᠥᠮᠦᠰ᠂ ᠴᠢᠬᠤᠯᠠ ᠬᠦᠷᠢᠶ᠎ᠡ ᠶᠢ ᠴᠢᠩᠭ᠎ᠠ ᠠᠩᠬᠠᠷᠴᠤ᠂ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠬᠤ ᠶᠢ ᠢᠳᠡᠪᠬᠢᠲᠡᠢ ᠥᠷᠨᠢᠭᠦᠯᠵᠦ᠂ ᠣᠯᠠᠨ ᠲᠦᠮᠡᠨ ᠤ ᠬᠡᠷᠡᠭᠴᠡᠭᠡ᠂ ᠪᠠᠴᠢᠮᠳᠠᠵᠤ ᠪᠠᠶᠢᠭ᠎ᠠ᠂ ᠬᠦᠰᠡᠵᠦ ᠪᠠᠶᠢᠭ᠎ᠠ ᠪᠠᠶᠢᠳᠠᠯ ᠢ ᠴᠠᠭ ᠲᠤᠬᠠᠢ ᠳᠤᠨᠢ ᠡᠵᠡᠮᠰᠢᠵᠦ᠂ ᠤᠷᠮ᠎ᠠ ᠰᠡᠳᠬᠢᠯᠭᠡ ᠶᠢ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠶᠢ ᠬᠠᠮᠠᠭᠠᠯᠠᠬᠤ ᠡᠭᠦᠳᠡᠨ ᠠᠴᠠ ᠠᠰᠠᠭᠤᠳᠠᠯ ᠢ ᠰᠢᠢᠳᠪᠦᠷᠢᠯᠡᠬᠦ ᠠᠷᠭ᠎ᠠ ᠬᠡᠮᠵᠢᠶ᠎ᠡ ᠠᠪᠴᠤ᠂ ᠣᠯᠠᠨ ᠲᠦᠮᠡᠨ ᠤ ᠮᠠᠳᠠᠭ ᠲᠠᠢ ᠠᠰᠠᠭᠤᠳᠠᠯ ᠢ ᠰᠢᠢᠳᠪᠦᠷᠢᠯᠡᠵᠦ᠂ ᠠᠶᠤᠯ ᠲᠦᠭᠰᠢᠭᠦᠷᠢ ᠶᠢᠨ ᠳᠠᠯᠳᠠ ᠭᠡᠮ ᠢ ᠪᠦᠬᠦ ᠬᠦᠴᠦᠨ ᠢᠶᠠᠷ ᠢᠶᠠᠨ ᠰᠡᠷᠭᠡᠶᠢᠯᠡᠨ ᠠᠷᠢᠯᠭᠠᠨ᠎ᠠ᠃ ᠭᠤᠷᠪᠠ ᠳᠤ᠂ ᠵᠠᠬᠢᠳᠠᠯ ᠰᠤᠷᠪᠤᠯᠵᠢᠯᠠᠭ᠎ᠠ ᠶᠢᠨ ᠠᠷᠭ᠎ᠠ ᠵᠠᠮ ᠢ ᠰᠢᠯᠤᠭᠤᠳᠬᠠᠵᠤ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠠᠵᠢᠯ ᠢ ᠰᠠᠶᠢᠲᠤᠷ ᠬᠢᠵᠦ᠂ ᠡᠭᠦᠳᠡ ᠪᠠᠨ ᠨᠡᠭᠡᠭᠡᠵᠦ ᠰᠤᠷᠪᠤᠯᠵᠢᠯᠠᠭ᠎ᠠ ᠶᠢ ᠬᠦᠯᠢᠶᠡᠨ ᠠᠪᠬᠤ᠂ ᠰᠠᠨᠠᠭᠠᠴᠢᠯᠠᠭ᠎ᠠ ᠠᠴᠠ ᠪᠠᠨ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ ᠶᠢ ᠢᠳᠡᠪᠬᠢᠲᠡᠢ ᠬᠡᠷᠡᠭᠯᠡᠵᠦ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠣᠶᠢᠯᠠᠭᠠᠵᠤ᠂ ᠬᠠᠤᠯᠢ ᠲᠣᠭᠲᠠᠭᠠᠯ ᠶᠣᠰᠣᠭᠠᠷ ᠳᠡᠰ ᠳᠠᠷᠠᠭᠠᠯᠠᠯ ᠶᠣᠰᠣᠭᠠᠷ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠵᠦ᠂ ᠮᠠᠨ ᠤ ᠰᠤᠮᠤ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠪᠣᠯᠤᠨ ᠬᠠᠷᠢᠶ᠎ᠠ ᠣᠷᠣᠨ ᠤ ᠮᠠᠯᠴᠢᠨ ᠲᠠᠷᠢᠶᠠᠴᠢᠨ ᠲᠦᠮᠡᠨ ᠤ ᠦᠢᠯᠡᠳᠪᠦᠷᠢᠯᠡᠯ ᠠᠮᠢᠳᠤᠷᠠᠯ ᠳᠤ ᠠᠮᠤᠷ ᠲᠦᠪᠰᠢᠨ ᠲᠣᠭᠲᠠᠭᠤᠨ ᠨᠡᠶᠢᠭᠡᠮ ᠤᠨ ᠣᠷᠴᠢᠨ ᠲᠣᠭᠤᠷᠢᠨ ᠢ ᠡᠭᠦᠳᠴᠦ ᠥᠭᠬᠦ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号