ᠰᠢᠨᠠᠵᠠᠮ ᠰᠤᠮᠤ ᠰᠡᠵᠢᠭᠲᠡᠢ ᠵᠢᠷᠤᠭ ᠳᠦᠷᠰᠦ ᠶᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/7/9
   7 ᠰᠠᠷ᠎ᠠ ᠶᠢᠨ 5 ᠤ ᠡᠳᠦᠷ᠂ ᠰᠢᠨᠠᠵᠠᠮ ᠰᠤᠮᠤ ᠰᠡᠵᠢᠭᠲᠡᠢ ᠵᠢᠷᠤᠭ ᠲᠣᠯᠪᠤ ᠶᠢ ᠬᠢᠨᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠠᠬᠢᠭᠤᠯᠬᠤ ᠬᠤᠷᠠᠯ ᠬᠢᠵᠦ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠪᠠᠭ ᠤᠨ ᠪᠦᠷᠢᠯᠳᠦᠬᠦᠨ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ᠂ ᠰᠤᠮᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠠᠩᠭᠢ ᠶᠢᠨ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠠᠵᠢᠯᠲᠠᠨ ᠬᠤᠷᠠᠯ ᠳᠤ ᠣᠷᠣᠯᠴᠠᠵᠠᠢ᠃    ᠬᠤᠷᠠᠯ ᠠᠴᠠ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠡᠵᠢᠭᠲᠡᠢ ᠵᠢᠷᠤᠭ ᠤᠨ ᠲᠣᠯᠪᠤ ᠶᠢ ᠬᠠᠷᠭᠤᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠵᠢᠴᠢ ᠪᠡᠯᠴᠢᠭᠡᠷᠯᠡᠭᠦᠯᠬᠦ ᠶᠢ ᠴᠠᠭᠠᠵᠠᠯᠠᠬᠤ ᠬᠤᠯᠪᠣᠭᠳᠠᠯ ᠪᠦᠬᠦᠢ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠪᠠ ᠣᠢ ᠰᠢᠭᠤᠢ ᠡᠪᠡᠰᠦ ᠪᠡᠯᠴᠢᠭᠡᠷ ᠤᠨ ᠬᠦᠷᠢᠶᠡᠨ ᠳᠠᠬᠢ ᠵᠢᠷᠤᠭ ᠲᠣᠯᠪᠤ ᠶᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠢ ᠵᠠᠷᠯᠠᠨ ᠮᠡᠳᠡᠭᠳᠡᠵᠦ᠂ ︽ᠳᠥᠷᠪᠡ ᠶᠢ ᠴᠠᠭᠠᠵᠠᠯᠠᠬᠤ︾ ᠠᠵᠢᠯ ᠢ ᠭᠤᠣᠯᠳᠠᠯᠭ᠎ᠠ ᠲᠠᠢ ᠴᠢᠬᠤᠯᠠᠴᠢᠯᠠᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠳᠤ ᠪᠣᠳᠠᠲᠠᠢ ᠱᠠᠭᠠᠷᠳᠠᠯᠭ᠎ᠠ ᠳᠤᠷᠠᠳᠪᠠ᠃    ᠬᠤᠷᠠᠯ ᠠᠴᠠ᠂ ᠨᠢᠭᠡ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠵᠤ᠂ ᠲᠤᠬᠠᠢ ᠶᠢᠨ ᠲᠠᠯᠠᠪᠠᠢ ᠳᠤ ᠭᠦᠨᠵᠡᠭᠡᠶᠢᠷᠡᠨ ᠬᠢᠨᠠᠨ ᠪᠠᠶᠢᠴᠠᠭᠠᠵᠤ᠂ ᠵᠢᠷᠤᠭ ᠤᠨ ᠲᠣᠯᠪᠤ ᠶᠢᠨ ᠪᠠᠶᠢᠷᠢᠰᠢᠯ᠂ ᠲᠠᠯᠠᠪᠠᠢ᠂ ᠲᠤᠬᠠᠢ ᠶᠢᠨ ᠲᠠᠯᠠᠪᠠᠢ ᠶᠢᠨ ᠬᠠᠶᠢᠨ ᠪᠠᠶᠢᠴᠠᠭᠠᠯᠲᠠ ᠶᠢᠨ ᠪᠠᠶᠢᠳᠠᠯ ᠢ ᠪᠦᠬᠦ ᠲᠠᠯ᠎ᠠ ᠪᠠᠷ ᠡᠵᠡᠮᠰᠢᠵᠦ᠂ ᠠᠶᠤᠯ ᠲᠦᠭᠰᠢᠭᠦᠷᠢ ᠶᠢᠨ ᠭᠡᠮ ᠰᠣᠭᠤᠭ ᠢ ᠵᠠᠳᠠᠯᠤᠨ ᠰᠤᠳᠤᠯᠵᠤ ᠮᠠᠭᠠᠳᠯᠠᠵᠤ᠂ ᠵᠢᠷᠤᠭ ᠤᠨ ᠲᠣᠯᠪᠤ ᠶᠢ ᠴᠡᠭᠴᠡᠯᠡᠨ ᠰᠠᠶᠢᠵᠢᠷᠠᠭᠤᠯᠵᠤ ᠨᠣᠮᠧᠷ ᠢ ᠬᠠᠰᠤᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠤᠶᠠᠷ ᠲᠤ᠂ ︽ᠳᠥᠷᠪᠡ ᠶᠢ ᠴᠠᠭᠠᠵᠠᠯᠠᠬᠤ︾ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠦᠨᠡᠨᠬᠦ ᠴᠢᠩᠭᠠᠳᠬᠠᠵᠤ ᠂ ᠬᠠᠤᠯᠢ ᠶᠢ ᠵᠥᠷᠢᠴᠡᠨ ᠨᠤᠲᠤᠭ ᠪᠡᠯᠴᠢᠭᠡᠷ ᠢ ᠬᠠᠭᠠᠯᠪᠤᠷᠢᠯᠠᠬᠤ᠂ ᠣᠢ ᠮᠣᠳᠣ ᠣᠭᠲᠣᠯᠬᠤ᠂ ᠦᠨᠳᠦᠰᠦᠨ ᠲᠠᠷᠢᠶᠠᠨ ᠭᠠᠵᠠᠷ ᠵᠢᠴᠢ ᠲᠠᠷᠢᠶᠠᠨ ᠭᠠᠵᠠᠷ ᠢ ᠡᠵᠡᠯᠡᠨ ᠬᠡᠷᠡᠭᠯᠡᠬᠦ ᠠᠰᠠᠭᠤᠳᠠᠯ ᠢ ᠴᠢᠩᠭ᠎ᠠ ᠬᠤᠷᠢᠭᠯᠠᠵᠤ᠂ ︽ᠳᠥᠷᠪᠡ ᠶᠢ ᠴᠠᠭᠠᠵᠠᠯᠠᠬᠤ︾ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ᠃ ᠭᠤᠷᠪᠠ ᠳᠤ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠡᠷᠦᠬᠡ ᠳᠤ ᠣᠷᠣᠵᠤ ᠰᠤᠷᠪᠤᠯᠵᠢᠯᠠᠬᠤ᠂ ᠸᠢᠴᠠᠲ ᠤᠨ ᠨᠡᠶᠢᠲᠡ ᠶᠢᠨ ᠳ᠋ᠤᠭᠠᠷ ᠵᠡᠷᠭᠡ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠤᠬᠠᠭᠤᠯᠭ᠎ᠠ ᠶᠢᠨ ᠠᠷᠭ᠎ᠠ ᠮᠠᠶ᠋ᠢᠭ ᠢᠶᠠᠷ ᠳᠠᠮᠵᠢᠭᠤᠯᠤᠨ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠥᠮᠦᠨ ᠪᠦᠬᠦᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠳᠤ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号