ᠪᠡᠭᠡᠵᠢᠩ ᠥᠪᠥᠷ ᠮᠣᠩᠭᠤᠯ ᠤᠨ ᠬᠠᠮᠵᠢᠯᠴᠠᠭᠠᠨ ᠤ ᠰᠢᠨ᠎ᠡ ᠪᠠᠶᠢᠳᠠᠯ ᠢ ᠵᠢᠷᠤᠭᠯᠠᠵᠤ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ ᠢᠷᠡᠭᠡᠳᠦᠢ ᠵᠦᠭ ᠤᠷᠤᠭᠰᠢᠯᠠᠨ᠎ᠠ
ᠨᠡᠶᠢᠲᠡᠯᠡᠭᠰᠡᠨ ᠴᠠᠭ᠄
2024/7/9
    2023 ᠣᠨ ᠤ 4 ᠰᠠᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠳᠤ ᠤᠷᠤᠭᠰᠠᠨ ᠪᠥᠭᠡᠳ ᠲᠤᠷᠰᠢᠯᠲᠠ ᠶᠢᠨ ᠠᠩᠭᠢ ᠪᠠᠶᠢᠭᠤᠯᠵᠤ᠂ ᠪᠡᠭᠡᠵᠢᠩ ᠤᠨ 101 ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠡᠬᠢ ᠪᠠᠶᠠᠯᠢᠭ᠂ ᠡᠮᠦᠨ᠎ᠡ ᠵᠠᠬ᠎ᠠ ᠶᠢᠨ ᠰᠤᠷᠭᠠᠨ ᠬᠥᠮᠦᠵᠢᠯ ᠤᠨ ᠦᠵᠡᠯ ᠰᠠᠨᠠᠭ᠎ᠠ᠂ ᠲᠡᠷᠢᠭᠦᠨ ᠤ ᠵᠢᠭᠠᠨ ᠰᠤᠷᠭᠠᠯᠲᠠ ᠶᠢᠨ ᠣᠶᠢᠯᠠᠭᠠᠭᠳᠠᠬᠤᠨ ᠪᠠ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢᠨ ᠵᠠᠭᠪᠤᠷ ᠢ ᠠᠰᠢᠭᠯᠠᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠤᠷᠭᠠᠨ ᠬᠥᠮᠦᠵᠢᠯ ᠤᠨ ᠦᠢᠯᠡᠰ ᠲᠤ ᠰᠢᠨ᠎ᠡ ᠳᠦᠷᠰᠦ ᠪᠠᠶᠢᠳᠠᠯ ᠣᠯᠭᠤᠵᠤ᠂ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠪᠡ᠃    ᠪᠠᠶᠠᠨᠬᠤᠰᠢᠭᠤ ᠶᠢᠨ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠨᠢᠭᠡ ᠬᠡᠰᠡᠭ ᠲᠤᠷᠰᠢᠯᠲᠠ ᠶᠢᠨ ᠠᠩᠭᠢ ᠶᠢᠨ ᠬᠢᠴᠢᠶᠡᠯ ᠤᠨ ᠲᠠᠩᠬᠢᠮ ᠳᠤ᠂ ᠯᠢ ᠨᠠ ᠪᠠᠭᠰᠢ ᠰᠤᠷᠤᠭᠴᠢᠳ ᠲᠤ  ᠬᠢᠴᠢᠶᠡᠯ ᠤᠷᠤᠵ᠂ ᠲᠤᠬᠠᠢ ᠶᠢᠨ ᠪᠠᠶᠢᠳᠠᠯ ᠢ ᠳᠠᠬᠢᠨ ᠢᠯᠡᠷᠡᠭᠦᠯᠬᠦ ᠬᠡᠯᠪᠡᠷᠢ ᠪᠠᠷ ᠲᠠᠶᠢᠯᠪᠤᠷᠢᠯᠠᠬᠤ ᠶᠢᠨ ᠬᠠᠮᠲᠤ᠂ ᠰᠤᠷᠤᠭᠴᠢᠳ ᠲᠤ ᠳᠤᠭᠤᠶᠢᠯᠠᠩ ᠤᠨ ᠬᠡᠯᠪᠡᠷᠢ ᠪᠠᠷ ᠶᠠᠷᠢᠯᠴᠠᠭ᠎ᠠ ᠥᠷᠨᠢᠭᠦᠯᠵᠦ᠂ ᠬᠥᠮᠦᠨ ᠤ ᠵᠠᠩ ᠴᠢᠨᠠᠷ ᠢ ᠵᠠᠳᠠᠯᠵᠤ᠂ ᠬᠥᠮᠦᠨ ᠤ ᠵᠠᠩ ᠴᠢᠨᠠᠷ ᠢ ᠮᠡᠳᠡᠷᠡᠪᠡ᠃ ᠰᠤᠷᠤᠭᠴᠢᠳ ᠰᠠᠨᠠᠭᠠᠴᠢᠯᠠᠭ᠎ᠠ ᠠᠴᠠ ᠪᠠᠨ ᠣᠷᠣᠯᠴᠠᠭᠰᠠᠨ ᠪᠥᠭᠡᠳ ᠢᠳᠡᠪᠬᠢᠲᠡᠢ ᠪᠠᠷ ᠶᠠᠷᠢᠶ᠎ᠠ ᠲᠠᠯᠪᠢᠵᠤ᠂ ᠬᠢᠴᠢᠶᠡᠯ ᠤᠨ ᠲᠠᠩᠬᠢᠮ ᠤᠨ ᠠᠭᠤᠷ ᠠᠮᠢᠰᠬᠤᠯ ᠬᠥᠭᠵᠢᠶᠡᠨᠲᠡᠢ ᠪᠠᠶᠢᠵᠤ᠂ ᠰᠤᠷᠤᠯᠴᠠᠯᠭ᠎ᠠ ᠶᠢᠨ ᠠᠭᠤᠷ ᠠᠮᠢᠰᠬᠤᠯ ᠠᠭᠤᠵᠢᠭᠤ ᠲᠠᠯᠪᠢᠭᠤ ᠪᠥᠭᠡᠳ ᠡᠶ᠎ᠡ ᠨᠠᠶᠢᠷᠲᠠᠢ ᠪᠠᠶᠢᠨ᠎ᠠ᠃    ︽ᠨᠢᠭᠡ ᠲᠡᠭ ᠨᠢᠭᠡ ᠲᠤᠷᠱᠢᠯᠲᠠ ᠶᠢᠨ ᠠᠩᠭᠢ ᠶᠢᠨ ᠬᠢᠴᠢᠶᠡᠯ ᠤᠨ ᠲᠠᠩᠬᠢᠮ ᠨᠢ ᠮᠠᠱᠢ ᠠᠮᠢᠳᠤᠯᠢᠭ ᠪᠥᠭᠡᠳ ᠰᠣᠨᠢᠷᠬᠠᠯᠲᠠᠢ᠃ ᠬᠢᠴᠢᠶᠡᠯ ᠳᠡᠭᠡᠷ᠎ᠡ᠂ ᠪᠠᠭᠰᠢ ᠨᠠᠷ ᠠᠰᠠᠭᠤᠳᠠᠯ ᠢ ᠬᠠᠷᠢᠯᠴᠠᠨ ᠦᠢᠯᠡᠳᠦᠯᠴᠡᠬᠦ ᠠᠷᠭ᠎ᠠ ᠬᠡᠯᠪᠡᠷᠢ ᠪᠠᠷ ᠪᠢᠳᠡᠨ ᠤ ᠪᠡᠶ᠎ᠡ ᠪᠠᠨ ᠳᠠᠭᠠᠭᠠᠵᠤ ᠰᠡᠳᠬᠢᠨ ᠪᠣᠳᠣᠯᠬᠢᠯᠠᠬᠤ ᠶᠢ ᠰᠡᠩᠬᠡᠷᠡᠭᠦᠯᠵᠦ᠂ ᠳᠠᠬᠢᠨ ᠳᠤᠭᠤᠶᠢᠯᠠᠩ ᠬᠠᠮᠲᠤᠷᠠᠨ ᠰᠤᠷᠤᠯᠴᠠᠬᠤ ᠪᠠᠷ ᠳᠠᠮᠵᠢᠭᠤᠯᠤᠨ᠂ ᠪᠢᠳᠡ ᠰᠡᠳᠬᠢᠬᠦᠢ ᠪᠠᠨ ᠮᠥᠷᠭᠦᠯᠳᠦᠭᠦᠯᠵᠦ᠂ ᠲᠠᠷᠢᠬᠢ ᠲᠣᠯᠣᠭᠠᠢ ᠪᠠᠨ ᠰᠢᠭᠤᠷᠭ᠎ᠠ ᠰᠢᠭᠤᠷᠠᠭᠤᠯᠬᠤ ᠪᠣᠯᠤᠨ᠎ᠠ᠃ ᠪᠢᠳᠡ ᠬᠡᠵᠢᠶ᠎ᠡ ᠬᠠᠮᠢᠭ᠎ᠠ ᠴᠤ ᠭᠡᠰᠡᠨ ᠬᠢᠴᠢᠶᠡᠯ ᠤᠨ ᠲᠠᠩᠬᠢᠮ ᠤᠨ ᠮᠠᠷᠭᠤᠯᠳᠤᠭᠠᠨ ᠥᠷᠨᠢᠭᠦᠯᠳᠡᠭ᠂ ᠰᠤᠷᠤᠭᠴᠢᠳ ᠪᠦᠷ ᠵᠣᠷᠢᠭᠲᠠᠢ ᠪᠠᠷ ᠰᠡᠵᠢᠭᠯᠡᠵᠦ᠂ ᠥᠪᠡᠷ ᠤᠨ ᠪᠣᠳᠣᠯ ᠢᠶᠠᠨ ᠵᠣᠷᠢᠭᠲᠠᠢ ᠢᠯᠡᠳᠬᠡᠨ᠎ᠡ᠂ ᠨᠢᠭᠡ ᠬᠢᠴᠢᠶᠡᠯ ᠨᠢ ᠶᠡᠷᠦ ᠨᠢ ᠮᠠᠰᠢ ᠪᠠᠶᠠᠷ ᠬᠦᠷ ᠲᠠᠢ ᠠᠭᠤᠷ ᠠᠮᠢᠰᠬᠤᠯ ᠤᠨ ᠳᠤᠮᠳᠠ ᠲᠡᠭᠦᠰᠳᠡᠭ᠂ ᠬᠢᠴᠢᠶᠡᠯ ᠤᠨ ᠴᠠᠭ ᠮᠠᠰᠢ ᠲᠦᠷᠭᠡᠨ ᠥᠩᠭᠡᠷᠡᠵᠦ ᠪᠠᠶᠢᠨ᠎ᠠ︾ ᠭᠡᠵᠦ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 1 ᠳ᠋ᠦ᠋ᠭᠡᠷ ᠲᠤᠷᠰᠢᠯᠲᠠ ᠶᠢᠨ ᠠᠩᠭᠢ ᠶᠢᠨ ᠰᠤᠷᠤᠭᠴᠢ ᠪᠤᠤ ᠷᠦᠢ ᠶᠢᠩ ᠬᠡᠯᠡᠪᠡ᠃    ᠣᠶᠢᠷ᠎ᠠ ᠶᠢᠨ ᠵᠢᠯ ᠳᠤ᠂ ᠪᠡᠭᠡᠵᠢᠩ ᠤᠨ ᠨᠢᠭᠡ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ᠬᠠᠮᠢᠶᠠᠷᠤᠯᠲᠠ ᠶᠢᠨ ᠲᠣᠭᠲᠠᠴᠠ᠂ ᠡᠬᠢ ᠪᠠᠶᠠᠯᠢᠭ ᠤᠨ ᠲᠣᠬᠢᠷᠠᠭᠤᠯᠤᠯᠲᠠ᠂ ᠬᠢᠴᠢᠶᠡᠯ ᠤᠨ ᠵᠢᠭᠠᠨ ᠰᠤᠷᠭᠠᠯᠲᠠ᠂ ᠪᠠᠭᠰᠢ ᠶᠢᠨ ᠪᠣᠯᠪᠠᠰᠤᠷᠠᠭᠤᠯᠤᠯ᠂ ᠶᠠᠰᠤ ᠴᠢᠨᠠᠷ ᠤᠨ ᠦᠨᠡᠯᠡᠯᠲᠡ᠂ ᠰᠤᠷᠤᠭᠴᠢᠳ ᠢ ᠬᠥᠮᠦᠵᠢᠭᠦᠯᠬᠦ ᠵᠡᠷᠭᠡ ᠵᠢᠷᠭᠤᠭᠠᠨ ᠵᠦᠢᠯ ᠤᠨ ᠨᠢᠭᠡ ᠴᠣᠭᠴᠠᠵᠢᠭᠰᠠᠨ ᠲᠣᠭᠲᠠᠴᠠ ᠪᠠᠷ ᠳᠠᠮᠵᠢᠭᠤᠯᠤᠨ᠂ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢ ᠬᠠᠪᠰᠤᠷᠤᠨ ᠰᠤᠷᠭᠠᠭᠤᠯᠢ ᠶᠢᠨ ᠵᠣᠬᠢᠶᠠᠨ ᠪᠠᠶᠢᠭᠤᠯᠤᠯᠲᠠ ᠶᠢᠨ ᠪᠦᠲᠦᠴᠡ ᠶᠢ ᠰᠢᠯᠢᠳᠡᠭᠵᠢᠭᠦᠯᠬᠦ᠂ ᠴᠢᠨᠠᠷ ᠰᠠᠶᠢᠲᠠᠢ ᠰᠤᠷᠭᠠᠨ ᠬᠥᠮᠦᠵᠢᠯ ᠤᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ᠂ ᠪᠦᠯᠦᠭᠯᠡᠯ ᠤᠨ ᠬᠢᠴᠢᠶᠡᠯ ᠤᠨ ᠪᠠᠶᠢᠭᠤᠯᠤᠯᠲᠠ ᠶᠢ ᠨᠠᠶᠢᠳᠠᠪᠤᠷᠢᠵᠢᠭᠤᠯᠬᠤ᠂ ᠪᠠᠭᠰᠢ ᠶᠢᠨ ᠡᠩᠨᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ᠂ ᠵᠢᠭᠠᠨ ᠰᠤᠷᠭᠠᠯᠲᠠ ᠶᠢ ᠥᠪᠡᠷᠮᠢᠴᠡ ᠴᠢᠨᠠᠷᠲᠠᠢ ᠪᠠᠷ ᠬᠥᠭᠵᠢᠭᠦᠯᠬᠦ ᠶᠢ ᠪᠡᠶᠡᠯᠡᠭᠦᠯᠵᠦ᠂ ᠰᠤᠷᠭᠠᠭᠤᠯᠢ ᠶᠢᠨ ᠪᠦᠬᠦᠯᠢ ᠴᠣᠭᠴᠠ ᠶᠢᠨ ᠰᠤᠷᠭᠠᠭᠤᠯᠢ ᠡᠷᠬᠢᠯᠡᠬᠦ ᠬᠢᠷᠢ ᠬᠡᠮᠵᠢᠶ᠎ᠡ ᠶᠢ ᠲᠠᠪᠠᠯᠳᠠᠳᠤ ᠮᠠᠶ᠋ᠢᠭ ᠤᠨ ᠬᠥᠭᠵᠢᠯᠲᠡ ᠶᠢ ᠴᠢᠷᠮᠠᠶᠢᠨ ᠪᠡᠶᠡᠯᠡᠭᠦᠯᠪᠡ᠃    ︽ᠪᠡᠭᠡᠵᠢᠩ ᠤᠨ ᠨᠢᠭᠡ ᠬᠡᠰᠡᠭ ᠨᠢᠭᠡ ᠲᠤᠷᠰᠢᠯᠲᠠ ᠶᠢᠨ ᠠᠩᠭᠢ ᠣᠳᠣ ᠨᠢᠭᠡᠨᠲᠡ ᠪᠦᠬᠦᠯᠢ ᠨᠢᠭᠡ ᠵᠢᠯ ᠪᠣᠯᠵᠠᠢ᠂ ᠡᠨᠡ ᠵᠢᠯ ᠪᠢᠳᠡ ᠰᠤᠷᠭᠠᠭᠤᠯᠢ ᠶᠢᠨ ︿ᠭᠤᠷᠪᠠᠨ ᠲᠣᠭᠤᠷᠢᠯ ᠵᠢᠭᠠᠨ ᠵᠢᠯᠣᠭᠤᠳᠬᠤ ᠰᠤᠷᠤᠯᠴᠠᠯᠭ᠎ᠠ﹀᠂ ᠪᠦᠲᠦᠮᠵᠢᠲᠡᠢ ᠬᠢᠴᠢᠶᠡᠯ ᠤᠨ ᠲᠠᠩᠬᠢᠮ ᠤᠨ ᠵᠠᠭᠪᠤᠷ ᠲᠤ ᠲᠦᠰᠢᠭᠯᠡᠨ᠂ ᠪᠠᠰᠠ ᠪᠡᠭᠡᠵᠢᠩ ᠤᠨ ᠨᠢᠭᠡ ᠴᠣᠭᠴᠠᠵᠢᠯᠲᠠ︾ ᠵᠢᠴᠢ ᠡᠷᠳᠡᠮ ᠰᠢᠨᠵᠢᠯᠡᠭᠡᠨ ᠤ ᠵᠥᠪᠯᠡᠯ ᠠᠴᠠ ᠡᠯ᠎ᠡ ᠬᠢᠴᠢᠶᠡᠯ ᠲᠥᠷᠥᠯ ᠤᠨ ᠪᠠᠭᠰᠢ ᠶᠢᠨ ᠵᠢᠯᠣᠭᠤᠳᠣᠯᠭ᠎ᠠ ᠳᠤ ᠮᠠᠨ ᠤ ᠪᠠᠭᠰᠢ ᠶᠢᠨ ᠬᠥᠭᠵᠢᠯᠲᠡ ᠪᠠ ᠰᠤᠷᠤᠭᠴᠢᠳ ᠤᠨ ᠬᠥᠭᠵᠢᠯᠲᠡ ᠳᠤ ᠮᠠᠰᠢ ᠶᠡᠭᠡ ᠠᠬᠢᠭᠤᠯᠬᠤ ᠦᠢᠯᠡᠳᠦᠯ ᠦᠵᠡᠭᠦᠯᠵᠦ ᠂ ᠮᠠᠨ ᠤ ᠬᠢᠴᠢᠶᠡᠯ ᠤᠨ ᠲᠠᠩᠬᠢᠮ ᠤᠨ ᠰᠤᠷᠤᠯᠴᠠᠯᠭ᠎ᠠ ᠶᠢᠨ ᠶᠠᠰᠤ ᠴᠢᠨᠠᠷ ᠤᠨ ᠬᠠᠮᠤᠭ ᠤᠨ ᠰᠢᠯᠢᠳᠡᠭᠵᠢᠬᠦ ᠶᠢ ᠪᠡᠶᠡᠯᠡᠭᠦᠯᠵᠡᠢ︾ ᠬᠡᠵᠤ ᠪᠠᠶᠠᠨᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ 1 ᠳ᠋ᠦ᠋ᠭᠡᠷ ᠳᠤᠷᠰᠢᠯᠳᠠ ᠶᠢᠨ ᠠᠩᠭᠢ ᠶᠢᠨ ᠬᠡᠯᠡ ᠪᠢᠴᠢᠭ ᠤᠨ ᠪᠠᠭᠰᠢ ᠯᠢ ᠨᠠ ᠬᠡᠯᠡᠪᠡ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠭᠤᠷᠪᠠᠳᠤᠭᠠᠷ ᠳᠤᠮᠳᠠᠳᠤ ᠰᠤᠷᠭᠠᠭᠤᠯᠢ ᠪᠣᠯᠤᠨ ᠪᠡᠭᠡᠵᠢᠩ ᠬᠤᠳᠠ ᠶᠢᠨ 101 ᠳᠤᠮᠳᠠᠳᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠪᠦᠯᠦᠭᠯᠡᠯ ︽101 ᠲᠤᠷᠰᠢᠯᠲᠠ ᠶᠢᠨ ᠠᠩᠭᠢ︾ ᠶᠢ ᠬᠠᠮᠲᠤ ᠪᠠᠷ ᠪᠠᠶᠢᠭᠤᠯᠵᠤ᠂ ᠲᠤᠰ ᠲᠥᠷᠥᠯ ᠵᠦᠢᠯ ᠢ ᠨᠢᠭᠡᠨᠲᠡ ᠬᠢᠩᠭᠠᠨ ᠠᠶᠢᠮᠠᠭ ᠤᠨ 2024 ᠣᠨ ᠤ ᠳᠤᠮᠳᠠᠳᠤ ᠰᠤᠷᠭᠠᠭᠤᠯᠢ ᠶᠢᠨ ᠰᠤᠷᠤᠭᠴᠢ ᠡᠯᠰᠡᠬᠦ ᠰᠢᠯᠭᠠᠯᠲᠠ ᠶᠢᠨ ᠬᠠᠮᠲᠤᠷᠠᠨ ᠡᠷᠬᠢᠯᠡᠬᠦ ᠲᠥᠷᠥᠯ ᠵᠦᠢᠯ ᠳᠤ ᠣᠷᠣᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠴᠠ 35 ᠬᠥᠮᠦᠨ ᠡᠯᠰᠡᠬᠦ ᠪᠠᠷ ᠲᠥᠯᠥᠪᠯᠡᠵᠦ ᠪᠣᠢ᠃    ︽ᠪᠢᠳᠡ ᠪᠠᠭᠰᠢ ᠶᠢᠨ ᠰᠢᠯᠢᠳᠡᠭ ᠡᠬᠢ ᠪᠠᠶᠠᠯᠢᠭ ᠢ ᠲᠣᠬᠢᠷᠠᠭᠤᠯᠬᠤ ᠠᠷᠭ᠎ᠠ ᠶᠢ ᠠᠪᠴᠤ᠂ ᠬᠠᠪᠰᠤᠷᠤᠨ ᠲᠡᠳᠬᠦᠬᠦ ᠪᠠᠭᠰᠢ ᠶᠢᠨ ᠡᠬᠢ ᠪᠠᠶᠠᠯᠢᠭ ᠢ ᠭᠦᠢᠴᠡᠳ ᠠᠰᠢᠭᠯᠠᠬᠤ ᠶᠢᠨ ᠬᠠᠮᠲᠤ᠂ ᠨᠢᠭᠡ ᠴᠦ ᠨᠢᠭᠡ ᠴᠦ ᠨᠢᠭᠡᠳᠦᠭᠡᠷ ᠳᠤᠮᠳᠠᠳᠤ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠵᠢᠯᠣᠭᠤᠳᠬᠤ ᠵᠥᠪᠯᠡᠯ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠤᠷᠤᠭᠴᠢᠳ ᠲᠤ ᠴᠢᠨᠠᠷ ᠰᠠᠶᠢᠲᠠᠢ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠨ᠎ᠠ᠃ ᠪᠢᠳᠡ ᠪᠠᠰᠠ ᠣᠯᠠᠨ ᠡᠰᠢᠲᠦ ᠰᠣᠩᠭᠤᠨ ᠬᠡᠷᠡᠭᠯᠡᠬᠦ ᠬᠢᠴᠢᠶᠡᠯ ᠢ ᠲᠣᠬᠢᠷᠠᠭᠤᠯᠵᠤ᠂ ᠬᠢᠴᠢᠶᠡᠯ ᠤᠨ ᠲᠠᠩᠬᠢᠮ ᠤᠨ ᠬᠤᠪᠢᠰᠤᠯᠲᠠ ᠪᠠᠷ ᠳᠠᠮᠵᠢᠭᠤᠯᠤᠨ᠂ ᠰᠢᠨ᠎ᠡ ᠬᠢᠴᠢᠶᠡᠯ᠂ ᠰᠢᠨ᠎ᠡ ᠵᠢᠭᠠᠬᠤ ᠮᠠᠲ᠋ᠧᠷᠢᠶᠠᠯ ᠤᠨ ᠥᠭᠡᠷᠡᠴᠢᠯᠡᠯᠲᠡ ᠲᠠᠢ ᠵᠣᠬᠢᠴᠠᠵᠤ᠂ ︿ᠰᠤᠷᠭᠠᠬᠤ﹀ ᠠᠴᠠ ︿ᠰᠤᠷᠤᠯᠴᠠᠬᠤ﹀ ᠲᠡᠰᠢ ᠬᠤᠪᠢᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠮᠡᠳᠡᠯᠭᠡ ᠶᠢ ᠴᠢᠬᠤᠯᠠᠴᠢᠯᠠᠵᠤ ᠪᠠᠶᠢᠭᠰᠠᠨ ᠠᠴᠠ ᠪᠠᠨ ᠰᠡᠳᠬᠢᠬᠦᠢ ᠶᠢ ᠴᠢᠬᠤᠯᠠᠴᠢᠯᠠᠬᠤ ᠪᠣᠯᠭᠠᠨ ᠬᠤᠪᠢᠷᠠᠭᠤᠯᠵᠤ᠂ ᠰᠤᠷᠤᠭᠴᠢᠳ ᠤᠨ ᠪᠦᠬᠦᠯᠢ ᠴᠣᠭᠴᠠ ᠶᠢᠨ ᠰᠡᠳᠬᠢᠬᠦᠢ ᠶᠢᠨ ᠴᠢᠳᠠᠪᠤᠷᠢ ᠶᠢ ᠳᠡᠭᠡᠭᠰᠢᠯᠡᠭᠦᠯᠬᠦ ᠶᠢ ᠠᠬᠢᠭᠤᠯᠵᠤ᠂ ᠤᠯᠤᠰ ᠭᠡᠷ ᠤᠨ ᠬᠠᠶᠢᠷ᠎ᠠ ᠰᠡᠳᠬᠢᠯᠭᠡ ᠲᠠᠢ᠂ ᠬᠠᠷᠢᠭᠤᠴᠠᠯᠭ᠎ᠠ ᠲᠠᠢ᠂ ᠡᠭᠦᠷᠭᠡᠯᠡᠯ ᠲᠠᠢ᠂ ᠴᠢᠳᠠᠪᠤᠷᠢ ᠲᠠᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠯᠢᠳᠡᠭ ᠰᠤᠷᠤᠭᠴᠢᠳ ᠢ ᠬᠥᠮᠦᠵᠢᠭᠦᠯᠬᠦ ᠶᠢ ᠬᠦᠰᠡᠵᠦ ᠪᠠᠶᠢᠨ᠎ᠠ︾ ᠬᠡᠵᠤ ᠪᠠᠶᠠᠨ ᠬᠤᠰᠢᠭᠤ ᠭᠤᠷᠪᠠᠳᠤᠭᠠᠷ ᠳᠤᠮᠳᠠᠳᠤ ᠰᠤᠷᠭᠠᠭᠤᠯᠢ ᠶᠢᠨ ᠵᠠᠬᠢᠷᠤᠯ ᠯᠢ ᠲᠢᠶᠧ ᠵᠢᠶᠦ᠋ᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号