ᠵᠢᠵᠢᠭ ᠪᠤᠷᠴᠠᠭ 600 ᠭᠠᠷᠤᠢ ᠲᠠᠷᠢᠶᠠᠴᠢᠨ ᠡᠷᠦᠬᠡ ᠶᠢᠨ ᠪᠠᠶᠠᠵᠢᠯ ᠤᠨ ᠵᠡᠭᠦᠳᠦ ᠶᠢ ᠲᠡᠷᠭᠡᠯᠰᠢᠭᠦᠯᠪᠡ
ᠨᠡᠶᠢᠲᠡᠯᠡᠭᠰᠡᠨ ᠴᠠᠭ᠄
2024/7/9
    ᠣᠶᠢᠷ᠎ᠠ ᠶᠢᠨ ᠵᠢᠯ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠨᠴᠠᠯᠢᠭᠲᠤ ᠠᠵᠤ ᠦᠢᠯᠡᠰ ᠢ ᠬᠥᠳᠡᠭᠡ ᠲᠣᠰᠬᠤᠨ ᠤ ᠬᠥᠭᠵᠢᠯᠲᠡ ᠶᠢᠨ ᠬᠥᠳᠡᠯᠭᠡᠬᠦ ᠬᠦᠴᠦᠨ ᠢ ᠬᠥᠭᠵᠢᠭᠡᠬᠦ ᠴᠢᠬᠤᠯᠠ ᠭᠠᠷᠳᠠᠴᠠ ᠪᠣᠯᠭᠠᠵᠤ᠂ ᠠᠵᠤ ᠦᠢᠯᠡᠰ ᠢᠶᠠᠷ ᠵᠢᠯᠣᠭᠤᠳᠣᠯᠭ᠎ᠠ ᠪᠣᠯᠭᠠᠵᠤ᠂ ︽ᠰᠠᠭᠤᠷᠢᠨ ᠭᠠᠵᠠᠷ ᠤᠨ ᠳᠠᠭᠠᠭᠤᠯᠤᠭᠴᠢ ᠶᠢᠨ ᠮᠠᠯᠵᠢᠬᠤ ᠲᠠᠷᠢᠶᠠᠯᠠᠬᠤ ᠡᠷᠦᠬᠡ ᠶᠢᠨ ᠵᠠᠬ᠎ᠠ ᠳᠡᠯᠭᠡᠭᠦᠷ︾ ᠤᠨ ᠵᠠᠭᠪᠤᠷ ᠢᠶᠠᠷ ᠳᠠᠮᠵᠢᠭᠤᠯᠤᠨ᠂ ᠮᠠᠯᠵᠢᠬᠤ ᠲᠠᠷᠢᠶᠠᠯᠠᠬᠤ ᠡᠷᠦᠬᠡ ᠶᠢ ᠳᠠᠶᠢᠴᠢᠯᠠᠨ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ᠣᠯᠠᠨ ᠲᠦᠮᠡᠨ ᠤ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠬᠠᠭᠤᠳᠠᠰᠤ ᠶᠢ ᠵᠢᠷᠤᠭᠯᠠᠪᠠ᠃    ᠪᠠᠶᠠᠨᠮᠠᠩᠬ᠎ᠠ ᠰᠤᠮᠤ ᠶᠢᠨ ᠬᠢᠩᠭᠠᠨ ᠠᠶᠢᠮᠠᠭ ᠤᠨ ᠵᠢᠢ ᠰᠢᠶᠠᠩ ᠠᠶᠢᠯ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ᠂ ᠲᠡᠷᠢᠭᠦᠨ ᠤ ᠡᠳ᠋ᠰᠢᠭᠦᠯᠬᠦ ᠲᠥᠬᠦᠭᠡᠷᠦᠮᠵᠢ᠂ ᠲᠡᠷᠢ ᠲᠡᠭᠰᠢ ᠥᠷᠭᠡᠨ ᠬᠠᠳᠠᠭᠠᠬᠤ ᠲᠠᠯᠠᠪᠠᠢ ᠳᠤ ᠬᠦᠷᠴᠦ᠂ ᠨᠢᠭᠡᠨᠲᠡ ᠪᠤᠷᠴᠠᠭ ᠪᠣᠯᠪᠠᠰᠤᠷᠠᠭᠰᠠᠨ ᠤ ᠳᠠᠷᠠᠭ᠎ᠠ ᠬᠠᠲᠠᠭᠠᠭᠰᠠᠨ ᠪᠤᠷᠴᠠᠭ ᠢ ᠪᠣᠯᠪᠠᠰᠤᠷᠠᠭᠤᠯᠬᠤ ᠳᠤ ᠰᠠᠶᠢᠲᠤᠷ ᠪᠡᠯᠡᠳᠬᠡᠯ ᠬᠢᠵᠦ᠂ ᠣᠳᠣᠬᠠᠨ ᠳᠤ 250 ᠲᠣᠨ ᠬᠠᠲᠠᠭᠠᠮᠠᠯ ᠪᠤᠷᠴᠠᠭ ᠤᠨ ᠦᠢᠯᠡᠳᠪᠦᠷᠢᠯᠡᠯ ᠤᠨ ᠴᠢᠳᠠᠪᠤᠷᠢ ᠲᠠᠢ ᠪᠣᠯᠪᠠ᠃    ᠠᠯᠪᠠᠨ ᠭᠡᠷ ᠲᠤ᠂ ᠠᠵᠢᠯᠲᠠᠳ ᠶᠠᠭ ᠲᠣᠮᠣ ᠬᠡᠷᠡᠭᠯᠡᠭᠴᠢᠳ ᠤᠨ ᠦᠢᠯᠡᠴᠢᠯᠡᠭᠡᠨ ᠤ ᠰᠢᠰᠲ᠋ᠧᠮ ᠢᠶᠠᠷ ᠳᠠᠮᠵᠢᠭᠤᠯᠤᠨ ᠰᠦᠯᠵᠢᠶᠡᠨ ᠳᠡᠭᠡᠷᠡᠬᠢ ᠭᠡᠷ᠎ᠡ ᠶᠢᠨ ᠬᠠᠮᠢᠶᠠᠷᠤᠯᠲᠠ ᠬᠢᠵᠦ ᠪᠤᠢ᠂ ᠡᠨᠡ ᠵᠢᠯ 600 ᠭᠠᠷᠤᠢ ᠡᠷᠦᠬᠡ ᠨᠢ ᠺᠣᠮᠫᠠᠨᠢ ᠲᠠᠢ ᠬᠤᠳᠠᠯᠳᠤᠨ ᠠᠪᠬᠤ ᠬᠡᠯᠡᠯᠴᠡᠭᠡᠷ ᠲᠣᠭᠲᠠᠵᠤ᠂ ᠲᠠᠷᠢᠮᠠᠯ ᠤᠨ ᠡᠷᠦᠬᠡ ᠳᠤ ᠳᠥᠭᠦᠮ ᠦᠵᠡᠭᠦᠯᠬᠦ ᠶᠢᠨ ᠲᠥᠯᠥᠭᠡ᠂ ᠬᠢᠩᠭᠠᠨ ᠠᠶᠢᠮᠠᠭ ᠤᠨ ᠵᠢᠢ ᠰᠢᠶᠠᠩ ᠠᠢ ᠯᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠰᠦᠯᠵᠢᠶᠡᠨ ᠳᠡᠭᠡᠷᠡᠬᠢ ᠵᠢᠵᠢᠭ ᠫᠷᠤᠭ᠍ᠷᠠᠮ ᠢ ᠨᠡᠭᠡᠭᠡᠵᠦ᠂ ᠲᠠᠷᠢᠮᠠᠯ ᠤᠨ ᠡᠷᠦᠬᠡ ᠭᠠᠷ ᠤᠲᠠᠰᠤ ᠪᠠᠷ ᠵᠢᠵᠢᠭ ᠫᠷᠤᠭ᠍ᠷᠠᠮ ᠳᠤ ᠣᠷᠣᠵᠤ᠂ ᠰᠦᠯᠵᠢᠶᠡᠨ ᠳᠡᠭᠡᠷ᠎ᠡ ᠭᠡᠷ᠎ᠡ ᠲᠣᠭᠲᠠᠬᠤ ᠶᠢ ᠪᠡᠶᠡᠯᠡᠭᠦᠯᠵᠦ᠂ ᠰᠦᠯᠵᠢᠶᠡᠨ ᠳᠡᠭᠡᠷ᠎ᠡ ᠤᠷᠭᠤᠯᠲᠠ ᠶᠢᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠪᠠᠰᠠ ᠵᠢᠵᠢᠭ ᠫᠷᠤᠭ᠍ᠷᠠᠮ ᠢᠶᠠᠷ ᠳᠠᠮᠵᠢᠭᠤᠯᠤᠨ ᠰᠢᠭᠤᠳ ᠳ᠋ᠦᠩᠨᠡᠨ ᠪᠣᠳᠣᠵᠤ ᠪᠣᠯᠤᠨ᠎ᠠ᠃    ᠺᠣᠮᠫᠠᠨᠢ ᠡᠮᠦᠨᠡᠬᠢ ᠬᠤᠭᠤᠴᠠᠭᠠᠨ ᠢᠶᠠᠷ ᠳᠡᠮᠵᠢᠨ ᠲᠠᠷᠢᠮᠠᠯ ᠤᠨ ᠡᠷᠦᠬᠡ ᠳᠤ ᠦᠷ᠎ᠡ ᠵᠡᠷᠭᠡ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠬᠠᠩᠭᠠᠵᠤ᠂ ᠬᠤᠭᠤᠴᠠᠭᠠᠨ ᠳᠤ ᠮᠡᠷᠭᠡᠵᠢᠯ ᠤᠨ ᠵᠢᠯᠣᠭᠤᠳᠣᠯᠭ᠎ᠠ ᠬᠢᠵᠦ᠂ ᠪᠤᠷᠴᠠᠭ ᠪᠣᠯᠪᠠᠰᠤᠷᠠᠭᠰᠠᠨ ᠤ ᠳᠠᠷᠠᠭ᠎ᠠ ᠵᠠᠬ᠎ᠠ ᠳᠡᠯᠭᠡᠭᠦᠷ ᠤᠨ ᠦᠨ᠎ᠡ ᠬᠠᠩᠰᠢ ᠠᠴᠠ ᠥᠨᠳᠥᠷ ᠵᠥᠪᠯᠡᠯᠴᠡᠬᠡᠷ ᠤᠨ ᠦᠨ᠎ᠡ ᠬᠠᠩᠰᠢ ᠪᠠᠷ ᠬᠤᠷᠢᠶᠠᠨ ᠠᠪᠴᠤ᠂ ᠲᠠᠷᠢᠮᠠᠯ ᠤᠨ ᠡᠷᠦᠬᠡ ᠶᠢᠨ ᠠᠶᠤᠯ ᠲᠦᠭᠰᠢᠭᠦᠷᠢ ᠶᠢ ᠪᠠᠲᠤᠯᠠᠵᠤ᠂ ᠲᠠᠷᠢᠮᠠᠯ ᠤᠨ ᠡᠷᠦᠬᠡ ᠳᠤ ᠦᠨᠡᠨ ᠬᠦ ᠠᠰᠢᠭ ᠬᠦᠷᠲᠡᠭᠡᠪᠡ᠃    ᠣᠶᠢᠷ᠎ᠠ ᠳᠤ᠂ ᠰᠤᠷᠪᠤᠯᠵᠢᠯᠠᠭᠴᠢ ᠺᠣᠮᠫᠠᠨᠢ ᠶᠢᠨ ᠠᠵᠢᠯᠲᠠᠨ ᠢ ᠳᠠᠭᠠᠵᠤ ᠪᠠᠶᠠᠨᠮᠠᠩᠬ᠎ᠠ ᠰᠤᠮᠤ ᠶᠢᠨ ᠤᠯᠪᠠᠢ ᠭᠠᠴᠠᠭᠠᠨ ᠳᠤ ᠬᠦᠷᠴᠦ᠂ ᠠᠵᠢᠯᠲᠠᠳ ᠲᠤᠬᠠᠢ ᠶᠢᠨ ᠲᠠᠯᠠᠪᠤᠷ ᠲᠤ ᠲᠠᠷᠢᠶᠠᠴᠢᠨ ᠡᠷᠦᠬᠡ ᠶᠢᠨ ᠪᠤᠷᠴᠠᠭ ᠤᠨ ᠬᠥᠷᠥᠰᠥ ᠰᠢᠷᠣᠢ ᠶᠢᠨ ᠴᠢᠭᠢᠭ ᠤᠨ ᠬᠡᠮᠵᠢᠶ᠎ᠡ ᠶᠢ ᠪᠠᠶᠢᠴᠠᠭᠠᠨ ᠦᠵᠡᠵᠦ᠂ ᠤᠰᠤᠯᠠᠬᠤ ᠤᠳᠠᠭ᠎ᠠ ᠵᠢᠴᠢ ᠪᠤᠷᠴᠠᠭ ᠤᠨ ᠡᠪᠡᠳᠴᠢᠨ ᠤ ᠬᠤᠷᠣᠬᠠᠢ ᠶᠢ ᠬᠡᠷᠬᠢᠨ ᠰᠡᠷᠭᠡᠶᠢᠯᠡᠬᠦ ᠲᠤᠬᠠᠢ ᠵᠢᠯᠣᠭᠤᠳᠣᠯᠭ᠎ᠠ ᠬᠢᠵᠦ᠂ ᠲᠠᠷᠢᠮᠠᠯ ᠤᠨ ᠡᠷᠦᠬᠡ ᠲᠦᠩ ᠰᠢ ᠶᠢᠨ ᠭᠡᠷ ᠤᠨ ᠬᠦᠷᠢᠶ᠎ᠡ ᠬᠠᠰᠢᠶᠠᠨ ᠳᠤ᠂ 5 ᠰᠠᠷ᠎ᠠ ᠳᠤ ᠲᠠᠷᠢᠭᠰᠠᠨ ᠪᠤᠷᠴᠠᠭ ᠨᠢ ᠨᠢᠭᠡᠨᠲᠡ ᠴᠢᠬᠢ᠂ ᠨᠣᠭᠤᠭᠠᠨ ᠲᠣᠰᠣ ᠶᠢᠨ ᠴᠢᠬᠢ᠂ ᠥᠷᠭᠡᠨ ᠨᠠᠪᠴᠢ ᠲᠠᠢ᠂ ᠲᠦᠩ ᠰᠢ ᠶᠢᠨ ᠨᠠᠷᠢᠨ ᠨᠢᠮᠪᠠᠢ ᠠᠷᠠᠴᠢᠯᠠᠯᠲᠠ ᠳᠣᠣᠷ᠎ᠠ᠂ ᠪᠤᠷᠴᠠᠭ ᠤᠨ ᠴᠢᠬᠢ ᠶᠢᠨ ᠤᠷᠭᠤᠴᠠ ᠮᠠᠰᠢ ᠰᠠᠶᠢᠨ ᠪᠠᠶᠢᠪᠠ᠃    ︽ᠪᠢ ᠨᠢᠭᠡᠨᠲᠡ ᠵᠢᠢ ᠰᠢᠶᠠᠩ ᠠᠶᠢᠯ ᠺᠣᠮᠫᠠᠨᠢ ᠶᠢ ᠳᠠᠭᠠᠵᠤ ᠳᠠᠯᠠᠨ ᠨᠠᠢᠮᠠᠨ ᠵᠢᠯ ᠪᠣᠯᠪᠠ᠂ ᠲᠡᠳᠡ ᠦᠷ᠎ᠡ ᠪᠠ ᠲᠠᠷᠢᠬᠤ ᠮᠡᠷᠭᠡᠵᠢᠯ ᠬᠠᠩᠭᠠᠵᠤ᠂ ᠨᠠᠮᠤᠷ ᠤᠨ ᠡᠳᠦᠷ ᠪᠤᠷᠴᠠᠭ ᠪᠣᠯᠪᠠᠰᠤᠷᠠᠵᠤ᠂ ᠲᠡᠳᠡ ᠬᠤᠷᠢᠶᠠᠨ ᠠᠪᠴᠤ᠂ ᠵᠢᠯ ᠪᠦᠷᠢ ᠶᠢᠨ ᠣᠷᠣᠯᠭ᠎ᠠ ᠨᠢ 5000 ᠭᠠᠷᠤᠢ ᠲᠥᠭᠦᠷᠢᠭ ᠬᠦᠷᠭᠡᠨ᠎ᠡ︾ ᠭᠡᠪᠡ᠃ ᠲᠦᠩ ᠰᠢ ᠪᠠᠶᠠᠷᠲᠠᠢ ᠪᠠᠷ ᠬᠡᠯᠡᠪᠡ᠃    ᠤᠯᠤᠰ ᠤᠨ ᠳᠡᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠦᠮᠡᠨ ᠠᠵᠤ ᠠᠬᠤᠶᠢᠯᠠᠯ ᠲᠦᠮᠡᠨ ᠲᠣᠰᠬᠤᠨ ᠢ ᠬᠥᠭᠵᠢᠭᠦᠯᠬᠦ︾ ᠠᠵᠢᠯᠯᠠᠭ᠎ᠠ ᠶᠢᠨ ᠲᠣᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠠᠵᠤ ᠠᠬᠤᠶᠢᠯᠠᠯ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰᠵᠢᠭᠰᠡᠨ ᠭᠤᠣᠯᠳᠠᠯᠭ᠎ᠠ ᠲᠠᠢ ᠬᠥᠲᠥᠴᠢ ᠠᠵᠤ ᠠᠬᠤᠶᠢᠯᠠᠯ ᠁ 2015 ᠣᠨ ᠳᠤ ᠪᠠᠶᠢᠭᠤᠯᠤᠭᠳᠠᠭᠰᠠᠨ ᠬᠢᠩᠭᠠᠨ ᠠᠶᠢᠮᠠᠭ ᠤᠨ ᠵᠢᠢ ᠰᠢᠶᠠᠩ ᠠᠢ ᠯᠢ ᠲᠠᠷᠢᠶᠠᠯᠠᠩ ᠤᠨ ᠬᠥᠭᠵᠢᠯᠲᠡ ᠶᠢᠨ ᠬᠢᠵᠠᠭᠠᠷᠲᠤ ᠺᠣᠮᠫᠠᠨᠢ ᠣᠷᠭᠠᠨᠢᠭ ᠪᠤᠷᠴᠠᠭ ᠤᠨ ᠠᠵᠤ ᠦᠢᠯᠡᠰ ᠢ ᠬᠥᠭᠵᠢᠭᠦᠯᠬᠦ ᠳᠤ ᠲᠦᠰᠢᠭᠯᠡᠨ ᠮᠠᠰᠢ ᠣᠯᠠᠨ ᠢᠷᠠᠭᠤ ᠠᠯᠳᠠᠷ ᠣᠯᠵᠤ᠂ ᠡᠭᠦᠳᠦᠨ ᠪᠠᠶᠢᠭᠤᠯᠤᠭᠴᠢ ᠠᠮᠤᠷ ᠲᠣᠭᠲᠠᠭᠤᠨ ᠪᠥᠭᠡᠳ 2022 ᠣᠨ ᠳᠤ ᠬᠢᠩᠭᠠᠨ ᠠᠶᠢᠮᠠᠭ ᠤᠨ ︽ᠰᠢᠶᠣᠤ ᠵᠢᠩ ᠲᠥᠯᠥᠪᠯᠡᠭᠡ︾ ᠪᠠᠷ ᠵᠢᠱᠢᠭᠳᠡᠭᠴᠢ ᠶᠢ ᠬᠥᠮᠦᠵᠢᠭᠦᠯᠵᠡᠢ᠃    ᠪᠤᠷᠴᠠᠭ ᠪᠣᠯᠪᠠᠰᠤᠷᠠᠭᠰᠠᠨ ᠡᠨᠡ ᠬᠤᠭᠤᠴᠠᠭᠠᠨ ᠳᠤ ᠠᠮᠤᠷ ᠲᠣᠭᠲᠠᠭᠤᠨ ᠪᠥᠭᠡᠳ ᠰᠡᠯᠡᠭᠦᠦ ᠴᠠᠭ ᠪᠠᠶᠢᠬᠤ ᠦᠭᠡᠢ᠂ ᠪᠣᠷᠣᠯᠠᠭᠤᠯᠬᠤ ᠵᠠᠮ ᠡᠷᠢᠵᠦ᠂ ᠵᠠᠬ᠎ᠠ ᠳᠡᠯᠭᠡᠭᠦᠷ ᠢᠶᠠᠨ ᠥᠷᠭᠡᠳᠬᠡᠨ᠂ ᠡᠯ᠎ᠡ ᠲᠥᠷᠥᠯ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠣᠷᠭᠠᠨᠢᠭ ᠬᠠᠲᠠᠭᠰᠠᠨ ᠪᠤᠷᠴᠠᠭ ᠢ ᠪᠦᠬᠦ ᠤᠯᠤᠰ ᠤᠨ ᠡᠯ᠎ᠡ ᠭᠠᠵᠠᠷ ᠲᠤ ᠪᠣᠷᠣᠯᠠᠭᠤᠯᠤᠨ᠎ᠠ᠃ ᠣᠷᠭᠠᠨᠢᠭ ᠬᠠᠲᠠᠭᠠᠮᠠᠯ ᠪᠤᠷᠴᠠᠭ ᠤᠨ ᠠᠵᠤ ᠦᠢᠯᠡᠰ ᠤᠨ ᠠᠮᠵᠢᠯᠲᠠ ᠣᠯᠤᠭᠰᠠᠨ ᠨᠢ ᠪᠠᠰᠠ ᠠᠮᠤᠷ ᠲᠣᠭᠲᠠᠭᠤᠨ ᠪᠤᠰᠤᠳ ᠣᠨᠴᠠᠯᠢᠭᠲᠤ ᠠᠵᠤ ᠦᠢᠯᠡᠰ ᠢ ᠬᠥᠭᠵᠢᠭᠦᠯᠬᠦ ᠢᠲᠡᠭᠡᠯ ᠲᠠᠢ ᠪᠣᠯᠵᠠᠢ᠂ ᠣᠳᠣᠬᠠᠨ ᠳᠤ ᠲᠡᠷᠡ ᠶᠠᠭ ᠪᠣᠷᠣᠯᠠᠭᠤᠯᠬᠤ ᠯᠤᠤᠪᠠᠩ ᠪᠣᠯᠪᠠᠰᠤᠷᠠᠭᠤᠯᠬᠤ ᠠᠵᠤ ᠦᠢᠯᠡᠰ ᠢ ᠢᠳᠡᠪᠬᠢᠲᠡᠢ ᠲᠤᠷᠰᠢᠵᠤ᠂ ᠡᠳ᠋ᠰᠢᠭᠦᠯᠬᠦ ᠳᠤ ᠬᠡᠷᠡᠭᠯᠡᠬᠦ ᠮᠠᠰᠢᠨ ᠲᠥᠬᠦᠭᠡᠷᠦᠮᠵᠢ ᠶᠢ ᠨᠢᠭᠡᠨᠲᠡ ᠬᠤᠳᠠᠯᠳᠤᠨ ᠠᠪᠴᠤ ᠳᠠᠭᠤᠰᠴᠤ᠂ ᠲᠠᠷᠢᠶᠠᠴᠢᠨ ᠡᠷᠦᠬᠡ ᠲᠠᠢ ᠯᠤᠤᠪᠠᠩ ᠲᠠᠷᠢᠬᠤ ᠶᠢ ᠠᠬᠢᠭᠤᠯᠵᠤ᠂ ᠨᠡᠩ ᠣᠯᠠᠨ ᠣᠨᠴᠠᠯᠢᠭᠲᠤ ᠠᠵᠤ ᠦᠢᠯᠡᠰ ᠤᠨ ᠬᠥᠭᠵᠢᠯᠲᠡ ᠪᠠᠷ ᠣᠯᠠᠨ ᠲᠦᠮᠡᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠬᠦ ᠪᠠᠷ ᠴᠢᠷᠮᠠᠶᠢᠵᠤ ᠪᠠᠶᠢᠨ᠎ᠠ᠃    ︽ᠣᠳᠣᠬᠠᠨ ᠳᠤ ᠣᠷᠭᠠᠨᠢᠭ ᠬᠠᠲᠠᠭᠰᠠᠨ ᠪᠤᠷᠴᠠᠭ ᠤᠨ ᠠᠵᠤ ᠦᠢᠯᠡᠰ ᠤᠨ ᠬᠥᠭᠵᠢᠯᠲᠡ ᠨᠢᠭᠡᠨᠲᠡ ᠪᠣᠯᠪᠠᠰᠤᠷᠠᠩᠭᠤᠢ ᠪᠣᠯᠵᠣ᠂ ᠤᠷ᠎ᠠ ᠮᠡᠷᠭᠡᠵᠢᠯ ᠨᠢ ᠴᠦ ᠨᠡᠯᠢᠶᠡᠳ ᠲᠡᠷᠢᠭᠦᠨ ᠤ ᠬᠢ ᠪᠣᠯᠵᠤ᠂ ᠵᠣᠬᠢᠬᠤ ᠦᠢᠯᠡᠳᠪᠦᠷᠢᠯᠡᠯ ᠪᠣᠷᠣᠯᠠᠭᠤᠯᠭ᠎ᠠ ᠶᠢᠨ ᠬᠡᠪᠴᠢᠶ᠎ᠡ ᠲᠠᠢ ᠪᠣᠯᠵᠤ᠂ ᠪᠢᠳᠡ ᠪᠠᠰᠠ ᠨᠡᠩ ᠣᠯᠠᠨ ᠣᠨᠴᠠᠯᠢᠭᠲᠤ ᠪᠦᠲᠦᠭᠡᠭᠳᠡᠬᠦᠨ ᠢ ᠥᠷᠭᠡᠳᠬᠡᠵᠦ᠂ ᠨᠡᠩ ᠣᠯᠠᠨ ᠬᠥᠮᠦᠨ ᠢ ᠳᠠᠭᠠᠭᠤᠯᠤᠨ ᠣᠷᠣᠯᠴᠠᠭᠤᠯᠵᠤ᠂ ᠠᠵᠤ ᠦᠢᠯᠡᠰ ᠢᠶᠠᠨ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠪᠣᠯᠤᠨ᠎ᠠ︾ ᠬᠡᠵᠤ ᠬᠢᠩᠭᠠᠨ ᠠᠶᠢᠮᠠᠭ ᠤᠨ ᠵᠢᠢ ᠰᠢᠶᠠᠩ ᠠᠶᠢᠯ ᠲᠠᠷᠢᠶᠠᠯᠠᠩ ᠤᠨ ᠬᠥᠭᠵᠢᠯᠲᠡ ᠶᠢᠨ  ᠬᠢᠵᠠᠭᠠᠷᠲᠦ ᠺᠤᠮᠫᠠᠨ᠋ᠢ ᠶᠢᠨ ᠶᠡᠷᠦᠩᠬᠡᠢ ᠳᠠᠭᠠᠭᠠᠮᠠᠯ ᠫᠢᠩ ᠠᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号