ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ 7 ᠰᠠᠷ᠎ᠠ ᠶᠢᠨ 1 ᠤ ᠡᠲᠦᠷ ᠠᠴᠠ ᠡᠬᠢᠯᠡᠨ ᠬᠡᠷᠡᠭᠵᠢᠭᠦᠯᠦᠨ᠎ᠡ‌‍ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ᠶᠢ 7 ᠰᠠᠷ᠎ᠠ ᠶᠢᠨ 1 ᠤ ᠡᠲᠦᠷ ᠠᠴᠠ ᠡᠬᠢᠯᠡᠨ ᠬᠡᠷᠡᠭᠵᠢᠭᠦᠯᠦᠨ᠎ᠡ
ᠨᠡᠶᠢᠲᠡᠯᠡᠭᠰᠡᠨ ᠴᠠᠭ᠄
2024/7/9
   ᠰᠤᠷᠪᠤᠯᠵᠢᠯᠠᠬᠴᠢ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠲᠢᠩᠬᠢᠮ ᠠᠴᠠ ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ﹀ ᠶᠢ ᠬᠡᠷᠡᠭᠵᠢᠭᠦᠯᠬᠦ ᠠᠷᠭ᠎ᠠ︾ ︵ᠳᠣᠷᠣᠭᠰᠢ ︽ᠠᠷᠭ᠎ᠠ︾ ᠭᠡᠵᠦ ᠲᠦᠭᠦᠮᠴᠢᠯᠡᠨ᠎ᠡ︶ ᠶᠢ 7 ᠰᠠᠷ᠎ᠠ ᠶᠢᠨ 1 ᠤ ᠡᠳᠦᠷ ᠠᠴᠠ ᠡᠬᠢᠯᠡᠨ ᠬᠡᠷᠡᠭᠵᠢᠭᠦᠯᠬᠦ ᠪᠤᠯᠤᠨ᠎ᠠ᠃   ᠣᠶᠢᠯᠠᠭᠠᠭᠰᠠᠨ ᠢᠶᠠᠷ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠨᠢ ᠨᠡᠶᠢᠲᠡ 31 ᠵᠦᠢᠯ ᠪᠠᠶᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠢᠯᠤᠭᠤᠳᠬᠤ ᠦᠵᠡᠯ ᠰᠠᠨᠠᠭ᠎ᠠ᠂ ᠬᠡᠷᠡᠭ ᠰᠶᠢᠳᠪᠦᠷᠢᠯᠡᠬᠦ ᠲᠠᠷᠠᠭᠠᠯᠠᠯ ᠪᠠ ᠬᠢᠨᠠᠯᠲᠠ ᠬᠠᠮᠢᠶᠠᠷᠤᠯᠲᠠ ᠵᠡᠷᠭᠡ ᠲᠠᠯ᠎ᠠ ᠪᠠᠷ ᠵᠠᠰᠠᠪᠤᠷᠢ ᠣᠷᠣᠭᠤᠯᠵᠤ ᠲᠡᠭᠦᠯᠳᠡᠷᠵᠢᠭᠦᠯᠵᠠᠢ᠃ ᠲᠣᠰ ︽ᠠᠷᠭ᠎ᠠ︾ ᠳᠤ ᠬᠠᠤᠯᠢ ᠴᠠᠭᠠᠵᠠ ᠶᠢᠨ ᠭᠠᠵᠠᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠢ ᠤᠷᠤᠯᠠᠨ ᠬᠦᠢᠴᠡᠳᠬᠡᠵᠦ ᠪᠠᠶᠢᠭ᠎ᠠ ᠣᠷᠣᠨ ᠨᠤᠲᠤᠭ ᠤᠨ ᠦᠢᠯᠡᠳᠦᠯᠭᠡ ᠶᠢ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ ᠪᠣᠯᠭᠠᠨ ᠳᠡᠭᠡᠭᠰᠢᠯᠡᠭᠦᠯᠵᠦ᠂ ᠠᠷᠠᠳ ᠣᠯᠠᠨ ᠤ ᠣᠶᠢᠷ᠎ᠠ ᠬᠠᠪᠢ ᠳᠠᠭᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠳᠡᠪᠰᠢᠭᠦᠯᠬᠦ ᠳᠤ ᠲᠥᠬᠦᠮ ᠦᠵᠡᠭᠦᠯᠬᠦ ᠶᠢᠨ ᠬᠠᠮᠲᠤ ᠭᠤᠶᠤᠴᠢᠯᠠᠯ ᠭᠠᠷᠭᠠᠬᠤ᠂ ᠬᠡᠷᠡᠭ ᠢ ᠭᠥᠯᠢᠶᠡᠨ ᠠᠪᠴᠤ ᠰᠶᠢᠳᠪᠦᠷᠢᠯᠡᠬᠦ᠂ ᠬᠡᠷᠡᠭ ᠢ ᠰᠢᠭᠦᠬᠦ ᠵᠡᠷᠭᠡ ᠡᠯ᠎ᠡ ᠱᠠᠲᠤᠨ ᠳᠤ ᠠᠷᠠᠳ ᠲᠤ ᠲᠥᠬᠦᠮ ᠦᠵᠡᠭᠦᠯᠬᠦ ᠠᠷᠭ᠎ᠠ ᠬᠡᠮᠵᠢᠶ᠎ᠡ ᠶᠢ ᠲᠣᠭᠲᠠᠭᠠᠪᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠶᠠᠪᠤᠴᠠ ᠳᠠᠬᠢ ᠡᠶᠡᠳᠡᠭᠦᠯᠭᠡ ᠳᠤ ᠬᠠᠤᠯᠢ ᠶᠣᠰᠣᠨ ᠤ ᠰᠠᠶᠢᠨ ᠳᠤᠷ᠎ᠠ ᠶᠢᠨ ᠪᠠᠶᠢᠬᠤ ᠵᠠᠷᠴᠢᠮ ᠢ ᠵᠢᠷᠤᠮᠯᠠᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠶᠢᠳᠪᠦᠷᠢᠯᠡᠬᠦ ᠳᠤ ᠡᠯ᠎ᠡ ᠵᠠᠩᠭᠢᠯᠠᠭ᠎ᠠ ᠶᠢᠨ ᠪᠦᠬᠦ ᠶᠠᠪᠤᠴᠠ ᠳᠤ ᠡᠶᠡᠳᠡᠭᠦᠯᠵᠦ ᠪᠣᠯᠬᠤ ᠪᠥᠭᠡᠳ ᠠᠷᠠᠳ ᠤᠨ ᠡᠶᠡᠳᠡᠭᠦᠯᠭᠡ᠂ ᠵᠠᠰᠠᠭ ᠵᠠᠬᠢᠷᠭᠠᠨ ᠤ ᠡᠶᠡᠳᠡᠭᠦᠯᠭᠡ ᠪᠠ ᠬᠠᠤᠯᠢ ᠴᠠᠭᠠᠵᠠ ᠶᠢᠨ ᠡᠶᠡᠳᠡᠭᠦᠯᠭᠡ ᠶᠢᠨ ᠵᠣᠯᠭᠠᠯᠳᠤᠨ ᠬᠠᠮᠵᠢᠯᠴᠠᠬᠤ ᠳᠠᠪᠠᠭᠤᠯᠢᠭ ᠢ ᠪᠠᠳᠠᠷᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠡᠶᠡᠳᠡᠭᠦᠯᠭᠡ ᠶᠢᠨ ᠬᠡᠷᠡᠭ ᠰᠶᠢᠳᠪᠦᠷᠢᠯᠡᠬᠦ ᠦᠷ᠎ᠡ ᠪᠦᠲᠦᠮᠵᠢ ᠶᠢ ᠴᠢᠩᠭᠠᠳᠬᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢᠨ ᠵᠠᠰᠠᠭ ᠵᠠᠬᠢᠷᠭᠠᠨ ᠤ ᠮᠠᠷᠭᠤᠯᠳᠤᠭᠠᠨ ᠤ ᠰᠡᠷᠭᠡᠶᠢᠯᠡᠯᠲᠡ ᠶᠢᠨ ᠬᠡᠷᠡᠮ ᠪᠣᠯᠬᠤ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ ᠬᠡᠵᠦ ᠲᠤᠲᠤᠷᠬᠠᠶᠢᠯᠠᠪᠠ︔ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠭᠤᠶᠤᠴᠢᠯᠠᠬᠤ᠂ ᠬᠦᠯᠢᠶᠡᠨ ᠠᠪᠴᠤ ᠰᠶᠢᠳᠪᠦᠷᠢᠯᠡᠬᠦ᠂ ᠰᠢᠭᠦᠨ ᠰᠶᠢᠳᠪᠦᠷᠢᠯᠡᠬᠦ ᠵᠡᠷᠭᠡ ᠠᠯᠬᠤᠮ ᠲᠠᠷᠠᠭᠠᠯᠠᠯ ᠤᠨ ᠲᠣᠭᠲᠠᠭᠠᠯ ᠢ ᠨᠠᠷᠢᠯᠢᠭᠵᠢᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠴᠠᠭᠠᠯᠲᠠ ᠬᠢᠵᠦ ᠭᠡᠷᠡᠴᠢ ᠠᠪᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠵᠠᠶᠢᠯᠠᠰᠬᠢᠬᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠭᠡᠷᠡᠴᠢᠯᠡᠭᠡ ᠰᠣᠨᠣᠰᠬᠤ᠂ ᠭᠤᠶᠤᠴᠢᠯᠠᠭᠳᠠᠭᠴᠢ ᠶᠢᠨ ᠬᠠᠷᠢᠭᠤᠴᠠᠯᠭᠠᠲᠠᠨ ᠭᠡᠷᠡᠴᠢᠯᠡᠭᠡ ᠰᠣᠨᠣᠰᠬᠤ ᠳᠤ ᠣᠷᠣᠯᠴᠠᠬᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠭᠦᠬᠦ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠪᠯᠡᠯ ᠢᠶᠠᠷ ᠰᠠᠨᠠᠯ ᠵᠥᠪᠯᠡᠯᠭᠡ ᠳᠤᠷᠠᠳᠤᠭᠤᠯᠬᠤ ᠪᠠᠶᠢᠳᠠᠯ ᠵᠡᠷᠭᠡ ᠬᠠᠮᠢᠶ᠎ᠠ ᠪᠦᠬᠦᠢ ᠲᠣᠭᠲᠠᠭᠠᠯ ᠢ ᠨᠥᠬᠦᠪᠦᠷᠢᠯᠡᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠲᠥᠪ ᠭᠤᠥᠯᠴᠢ ᠴᠢᠨᠠᠷ ᠪᠠ ᠡᠷᠬᠡ ᠰᠦᠷᠲᠦ ᠴᠢᠨᠠᠷ ᠲᠤ ᠲᠠᠰ ᠳᠠᠷᠠᠭᠠᠯᠠᠯ ᠤᠨ ᠪᠠᠲᠤᠯᠠᠭ᠎ᠠ ᠬᠠᠩᠭᠠᠵᠠᠢ᠃   ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠷᠭ᠎ᠠ︾ ᠳᠤ᠂ ᠭᠤᠶᠤᠴᠢᠯᠠᠭᠴᠢ᠂ ᠭᠤᠷᠪᠠᠳᠠᠭᠢ ᠬᠥᠮᠥᠨ ᠨᠢ ᠭᠤᠶᠤᠴᠢᠯᠠᠭᠳᠠᠭᠴᠢ ᠶᠢ ᠵᠠᠰᠠᠭ ᠵᠠᠬᠢᠷᠭᠠᠨ ᠤ ᠳᠠᠬᠢᠨ ᠵᠥᠪᠯᠡᠬᠦ ᠲᠣᠭᠲᠠᠭᠠᠯ ᠤᠨ ᠪᠢᠴᠢᠭ᠂ ᠡᠶᠡᠳᠡᠭᠦᠯᠭᠡ ᠶᠢᠨ ᠪᠢᠴᠢᠭ ᠢ ᠭᠦᠢᠴᠡᠳᠬᠡᠭᠰᠡᠨ ᠦᠭᠡᠢ ᠪᠤᠶᠤ ᠪᠥᠬᠦ ᠲᠠᠯ᠎ᠠ ᠪᠠᠷ ᠭᠦᠢᠴᠡᠳᠬᠡᠭᠰᠡᠨ ᠦᠭᠡᠢ ᠭᠡᠵᠦ ᠦᠵᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠵᠠᠷᠯᠢᠭᠳᠠᠨ ᠭᠦᠢᠴᠡᠳᠬᠡᠭᠦᠯᠬᠦ ᠪᠢᠴᠢᠭ ᠤᠨ ᠭᠤᠶᠤᠴᠢᠯᠠᠯ ᠭᠠᠷᠭᠠᠵᠤ ᠪᠣᠯᠣᠨ᠎ᠠ ᠭᠡᠵᠦ ᠲᠣᠭᠲᠠᠭᠠᠵᠠᠢ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠬᠠᠤᠯᠢ ᠶᠣᠰᠣᠭᠠᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠶᠢ ᠱᠠᠯᠠᠪᠲᠠᠭᠤᠯᠬᠤ ᠲᠠᠯ᠎ᠠ ᠪᠠᠷ᠂ ᠲᠣᠰ ︽ᠠᠷᠭ᠎ᠠ︾ ᠶᠢ ᠦᠨᠳᠦᠰᠦᠯᠡᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠭᠥᠯᠢᠶᠡᠨ ᠠᠪᠴᠤ ᠰᠶᠢᠳᠪᠦᠷᠢᠯᠡᠬᠦ ᠦᠭᠡᠢ᠂ ᠭᠤᠶᠤᠴᠢᠯᠠᠯ ᠢ ᠨᠢᠴᠤᠭᠠᠭᠰᠠᠨ ᠪᠤᠶᠤ ᠭᠥᠯᠢᠶᠡᠨ ᠠᠪᠴᠤ ᠰᠶᠢᠳᠪᠦᠷᠢᠯᠡᠭᠰᠡᠨ ᠤ ᠳᠠᠷᠠᠭ᠎ᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭ᠎ᠠ ᠠᠴᠠ ᠬᠡᠲᠦᠷᠡᠭᠰᠡᠨ ᠪᠠᠶᠢᠲᠠᠯ᠎ᠠ ᠬᠠᠷᠢᠭᠤ ᠥᠭᠬᠦ ᠦᠭᠡᠢ ᠵᠢᠴᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠣᠷᠭᠤᠨ ᠵᠣᠭᠰᠣᠭᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠤᠶᠤᠴᠢᠯᠠᠭᠴᠢ᠂ ᠭᠤᠷᠪᠠᠳᠠᠭᠢ ᠬᠥᠮᠥᠨ ᠳᠡᠭᠡᠳᠦ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠬᠢᠨᠠᠯᠲᠠ ᠲᠠᠯᠪᠢᠭᠤᠯᠬᠤ ᠪᠠᠷ ᠭᠤᠶᠤᠴᠢᠯᠠᠵᠤ ᠪᠣᠯᠣᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号