ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
   8 ᠰᠠᠷ᠎ᠠ ᠶᠢᠨ 1 ᠤ ᠡᠳᠦᠷ᠂ ᠭᠤᠣᠯ ᠤᠨ ᠪᠠᠶᠢᠰᠢᠩ ᠪᠠᠯᠭᠠᠰᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠤᠶᠤᠨᠪᠢᠯᠢᠭ ᠬᠤᠷᠠᠯ ᠢ ᠡᠷᠬᠢᠯᠡᠵᠦ᠂ ᠪᠠᠯᠭᠠᠰᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠠᠮᠢᠶ᠎ᠠ ᠪᠦᠬᠦᠢ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃    ᠬᠤᠷᠠᠯ ᠳᠡᠭᠡᠷ᠎ᠡ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠭᠰᠠᠨ ᠪᠥᠭᠡᠳ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠵᠠᠬᠢᠳᠠᠯ ᠰᠤᠷᠪᠤᠯᠵᠢᠯᠠᠭ᠎ᠠ ᠶᠢᠨ ᠲᠣᠭᠲᠠᠭᠤᠨ ᠢ ᠬᠠᠮᠠᠭᠠᠯᠠᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠦᠶᠡᠷ ᠢ ᠰᠡᠷᠭᠡᠶᠢᠯᠡᠬᠦ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠢ ᠳᠠᠬᠢᠨ ᠲᠣᠬᠢᠷᠠᠭᠤᠯᠵᠤ ᠳᠠᠬᠢᠨ ᠪᠠᠶᠢᠷᠢᠯᠠᠭᠤᠯᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号