ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ︽8 · 1︾ ᠤ ᠡᠮᠦᠨᠡᠬᠡᠨ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠤᠨ ᠴᠡᠷᠢᠭ ᠠᠴᠠ ᠬᠠᠯᠠᠭᠳᠠᠭᠰᠠᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2024/8/1
    ︽8 · 1︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠠᠴᠠ ᠡᠮᠦᠨᠡᠬᠡᠨ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠤᠷᠢᠳ ᠬᠤᠵᠢᠳ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠪᠣᠯᠤᠨ ᠴᠡᠷᠢᠭ ᠠᠴᠠ ᠬᠠᠯᠠᠭᠳᠠᠭᠰᠠᠳ ᠯᠢᠶᠠᠩ ᠮᠢᠩ ᠶᠤᠸᠠᠨ ᠤ ᠭᠡᠷ ᠲᠤ ᠬᠦᠷᠴᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ᠂ ᠭᠠᠯ ᠤᠨᠲᠠᠷᠠᠭᠠᠬᠤ ᠵᠢᠯᠣᠭᠤᠳᠤᠭᠴᠢ ᠪᠠᠶᠢᠯᠳᠤᠭᠴᠢ ᠪᠣᠯᠤᠨ ᠴᠡᠷᠢᠭ ᠠᠴᠠ ᠬᠠᠯᠠᠭᠳᠠᠭᠰᠠᠳ ᠲᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠵᠦ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠲᠡᠳᠡᠨ ᠤ ᠰᠡᠳᠬᠢᠯ ᠳᠤ ᠬᠦᠷᠭᠡᠪᠡ᠃    ᠠᠷᠠᠳ ᠤᠨ ᠵᠡᠪᠰᠡᠭᠲᠦ ᠬᠦᠴᠦᠨ ᠤ ᠬᠡᠯᠲᠡᠰ ᠪᠣᠯᠤᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠶᠡᠭᠡ ᠠᠩᠭᠢ ᠳᠤ᠂ ᠼᠠᠢ ᠪᠦᠦ ᠵᠢᠶᠦ᠋ᠨ ᠣᠯᠠᠨ ᠲᠠᠢ ᠳᠣᠲᠣᠨᠣ ᠪᠠᠷ ᠶᠠᠷᠢᠯᠴᠠᠵᠤ᠂ ᠲᠡᠳᠡᠨ ᠤ ᠠᠵᠢᠯ ᠤᠨ ᠣᠷᠴᠢᠨ ᠲᠣᠭᠤᠷᠢᠨ ᠪᠣᠯᠤᠨ ᠪᠣᠯᠪᠠᠰᠤᠷᠠᠯ ᠤᠨ ᠲᠥᠬᠦᠭᠡᠷᠦᠮᠵᠢ ᠶᠢ ᠲᠣᠭᠤᠷᠢᠨ ᠦᠵᠡᠬᠦ ᠪᠠᠷ ᠳᠠᠮᠵᠢᠨ᠂ ᠳᠠᠷᠤᠭ᠎ᠠ ᠪᠠᠶᠢᠯᠳᠤᠭᠴᠢ ᠪᠣᠯᠤᠨ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠤᠨ ᠡᠳᠦᠷ ᠲᠤᠲᠤᠮ ᠤᠨ ᠠᠮᠢᠳᠤᠷᠠᠯ ᠢ ᠨᠠᠷᠢᠨ ᠣᠶᠢᠯᠠᠭᠠᠭᠰᠠᠨ ᠪᠥᠭᠡᠳ ᠰᠠᠭᠤᠭ᠎ᠠ ᠭᠠᠵᠠᠷ ᠤᠨ ᠳᠠᠷᠤᠭ᠎ᠠ ᠪᠠᠶᠢᠯᠳᠤᠭᠴᠢ ᠪᠣᠯᠤᠨ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠤᠨ ᠤᠷᠲᠤ ᠬᠤᠭᠤᠴᠠᠭᠠᠨ ᠤ ᠲᠤᠷᠰᠢᠬᠢ ᠠᠵᠢᠯ ᠢ ᠭᠦᠢᠴᠡᠳ ᠨᠤᠲᠠᠯᠠᠵᠤ᠂ ᠲᠡᠳᠡᠨ ᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠦᠢᠯᠡᠰ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠥᠷᠭᠡᠨ ᠣᠯᠠᠨ ᠳᠠᠷᠤᠭ᠎ᠠ ᠪᠠᠶᠢᠯᠳᠤᠭᠴᠢᠳ ᠬᠤᠶᠢᠰᠢᠳᠠ ᠶᠢᠨ ᠠᠵᠢᠯ ᠤᠨ ᠳᠤᠮᠳᠠ ᠪᠠᠨ ᠰᠢᠯᠢᠳᠡᠭ ᠤᠯᠠᠮᠵᠢᠯᠠᠯ ᠪᠣᠯᠤᠨ ᠴᠠᠭᠠᠷᠠᠭᠰᠠᠨ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠡᠷᠳᠡᠮ ᠴᠢᠳᠠᠪᠤᠷᠢ ᠪᠠᠨ ᠬᠠᠲᠠᠭᠤᠵᠢᠯᠲᠠᠢ ᠪᠣᠯᠪᠠᠰᠤᠷᠠᠭᠤᠯᠵᠤ᠂ ᠬᠡᠪ ᠪᠣᠯᠪᠠᠰᠤᠷᠠᠯ ᠢᠶᠠᠨ ᠴᠢᠩᠭᠠᠳᠬᠠᠵᠤ᠂ ᠡᠩᠨᠡᠭᠡᠨ ᠤ ᠪᠠᠶᠢᠭᠤᠯᠤᠯᠲᠠ ᠪᠠᠨ ᠲᠠᠰᠤᠷᠠᠯᠲᠠ ᠦᠭᠡᠢ ᠴᠢᠩᠭᠠᠳᠬᠠᠵᠤ᠂ ᠴᠡᠷᠢᠭ ᠵᠠᠰᠠᠭ ᠴᠡᠷᠢᠭ ᠠᠷᠠᠳ ᠤᠨ ᠬᠠᠷᠢᠴᠠᠭ᠎ᠠ ᠶᠢ ᠤᠯᠠᠮ ᠴᠢᠨᠠᠭᠰᠢᠳᠠ ᠨᠢᠭᠲᠠᠷᠠᠭᠤᠯᠵᠤ᠂ ᠴᠡᠷᠢᠭ ᠠᠷᠠᠳ ᠤᠨ ᠬᠠᠮ ᠬᠥᠭᠵᠢᠯᠲᠡ ᠶᠢᠨ ᠰᠢᠨ᠎ᠡ ᠬᠠᠭᠤᠳᠠᠰᠤ ᠶᠢ ᠬᠠᠮᠲᠤᠪᠠᠷ ᠪᠢᠴᠢᠭᠯᠡᠬᠦ ᠶᠢ ᠬᠦᠰᠡᠵᠦ ᠪᠠᠶᠢᠨ᠎ᠠ ᠭᠡᠵᠡᠢ᠃ ᠥᠷᠭᠡᠨ ᠣᠯᠠᠨ ᠭᠠᠯ ᠤᠨᠲᠠᠷᠠᠭᠠᠬᠤ ᠵᠢᠯᠣᠭᠤᠳᠣᠭᠴᠢ ᠪᠠᠶᠢᠯᠳᠤᠭᠴᠢᠳ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠪᠠ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠪᠠᠲᠤᠯᠠᠬᠤ ᠶᠢ ᠬᠦᠰᠡᠵᠦ ᠪᠠᠶᠢᠨ᠎ᠠ ᠭᠡᠵᠡᠢ᠃    ᠶᠠᠫᠣᠨ ᠢ ᠡᠰᠡᠷᠭᠦᠴᠡᠬᠦ ᠳᠠᠶᠢᠨ ᠪᠠ ᠴᠢᠯᠥᠭᠡᠯᠡᠬᠦ ᠳᠠᠶᠢᠨ ᠳᠤ ᠣᠷᠣᠯᠴᠠᠭᠰᠠᠨ 97 ᠨᠠᠰᠤᠲᠠᠢ ᠴᠡᠷᠢᠭ ᠠᠴᠠ ᠬᠠᠯᠠᠭᠳᠠᠭᠰᠠᠳ ᠯᠢᠶᠠᠩ ᠮᠢᠩ ᠶᠤᠸᠠᠨ ᠤ ᠭᠡᠷ ᠲᠤ᠂ ᠼᠠᠢ ᠪᠦᠦ ᠵᠢᠶᠦ᠋ᠨ ᠨᠠᠰᠤᠲᠠᠨ ᠳᠤ ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠢᠶᠠᠨ ᠳᠡᠪᠰᠢᠭᠦᠯᠵᠦ᠂ ᠶᠠᠷᠢᠯᠴᠠᠭ᠎ᠠ ᠳᠤᠮᠳᠠ᠂ ᠼᠠᠢ ᠪᠦᠦ ᠵᠢᠶᠦ᠋ᠨ ᠨᠠᠰᠤᠲᠠᠨ ᠤ ᠪᠡᠶ᠎ᠡ ᠶᠢᠨ ᠪᠠᠶᠢᠳᠠᠯ ᠪᠠ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠭᠦᠨ ᠤ ᠴᠡᠷᠢᠭ ᠤᠨ ᠠᠮᠢᠳᠤᠷᠠᠯ ᠪᠠ ᠠᠮᠢᠳᠤᠷᠠᠯ ᠤᠨ ᠥᠩᠭᠡᠷᠡᠯᠲᠡ ᠶᠢ ᠰᠣᠨᠣᠰᠴᠤ᠂ ᠨᠠᠰᠤᠲᠠᠨ ᠳᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢᠶᠠᠨ ᠠᠩᠬᠠᠷᠬᠤ ᠬᠡᠷᠡᠭᠲᠡᠢ ᠭᠡᠵᠦ ᠵᠠᠬᠢᠪᠠ᠃ ᠡᠭᠦᠨ ᠤ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠴᠡᠷᠢᠭ ᠠᠴᠠ ᠬᠠᠯᠠᠭᠳᠠᠭᠰᠠᠳ᠂ ᠠᠰᠠᠷᠠᠨ ᠬᠠᠷᠠᠭᠠᠯᠵᠠᠬᠤ ᠡᠲᠡᠭᠡᠳ ᠤᠨ ᠬᠠᠯᠠᠭᠤᠨ ᠳᠤᠯᠠᠭᠠᠨ ᠢ ᠰᠡᠳᠬᠢᠯ ᠳᠡᠭᠡᠨ ᠪᠣᠳᠣᠵᠤ᠂ ᠴᠡᠷᠢᠭ ᠠᠴᠠ ᠬᠠᠯᠠᠭᠳᠠᠭᠰᠠᠳ ᠤᠨ ᠠᠵᠢᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃    ᠬᠤᠰᠢᠭᠤᠨ ᠤ ᠤᠳᠤᠷᠢᠳᠤᠯᠭ᠎ᠠ ᠴᠡᠩᠭᠡᠯᠳᠦ᠂ ᠴᠧᠨ ᠴᠢᠩ ᠬᠤᠸᠠ᠂ ᠸᠠᠩ ᠵᠢᠶᠠ ᠵᠢᠢ ᠨᠡᠷ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号