ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠶᠠᠷᠢᠯᠴᠠᠭᠠᠨ ᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 31 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠦᠨᠳᠦᠰᠦᠲᠡᠨ ᠤ ᠠᠵᠢᠯ ᠤᠨ ᠲᠤᠰᠬᠠᠢ ᠰᠡᠳᠦᠪᠲᠦ ᠶᠠᠷᠢᠯᠴᠠᠭᠠᠨ ᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠬᠤᠷᠠᠯ ᠡᠷᠬᠢᠯᠡᠪᠡ᠃    ᠬᠤᠷᠠᠯ ᠠᠴᠠ ᠰᠤᠮᠤ ᠪᠠᠯᠭᠠᠰᠤ ᠪᠣᠯᠤᠨ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠢ ᠰᠣᠨᠣᠰᠴᠤ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠠᠵᠢᠯ ᠢ ᠠᠬᠢᠭᠤᠯᠬᠤ ᠡᠷᠴᠢᠮ ᠢ ᠣᠶᠢᠯᠠᠭᠠᠨ ᠡᠵᠡᠮᠰᠢᠵᠦ᠂ ᠭᠤᠣᠯᠳᠠᠯᠭ᠎ᠠ ᠲᠠᠢ ᠠᠵᠢᠯ ᠢ ᠲᠣᠭᠠᠯᠠᠨ ᠪᠦᠷᠢᠳᠬᠡᠵᠦ᠂ ᠠᠰᠠᠭᠤᠳᠠᠯ ᠪᠠ ᠬᠦᠷᠦᠯᠴᠡᠬᠦ ᠦᠭᠡᠢ ᠲᠠᠯ᠎ᠠ ᠶᠢ ᠳᠤᠷᠠᠳᠬᠤ ᠶᠢᠨ ᠬᠠᠮᠲᠤ ᠳᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠢ ᠲᠣᠳᠣᠷᠬᠠᠢ ᠵᠢᠭᠠᠵᠤ ᠥᠭᠪᠡ᠃    ᠬᠤᠷᠠᠯ ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠡᠯ᠎ᠡ ᠵᠦᠢᠯ ᠤᠨ ᠠᠵᠢᠯ ᠤᠨ ᠭᠤᠣᠯ ᠰᠢᠵᠢᠮ ᠪᠣᠯᠭᠠᠬᠤ ᠶᠢ ᠪᠠᠷᠢᠮᠲᠠᠯᠠᠵᠤ᠂ ᠲᠥᠪ ᠬᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢ᠊ ᠡᠶ᠎ᠡ᠂ ᠠᠶᠢᠮᠠᠭ ᠤᠨ ᠨᠠᠮ ᠤᠨ ᠬᠤᠷᠢᠶ᠎ᠠ ᠶᠢᠨ ᠦᠨᠳᠦᠰᠦᠲᠡᠨ ᠤ ᠠᠵᠢᠯ ᠤᠨ ᠲᠤᠬᠠᠢ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠠᠵᠢᠯ ᠢᠶᠠᠷ ᠭᠠᠷᠳᠠᠴᠠ ᠪᠣᠯᠭᠠᠵᠤ᠂ ᠭᠤᠣᠯ ᠱᠤᠭᠤᠮ ᠤᠨ ᠱᠠᠭᠠᠷᠳᠠᠯᠭ᠎ᠠ ᠶᠢ ᠡᠷᠡᠰ ᠭᠤᠶᠢᠪᠢᠰᠢ ᠦᠭᠡᠢ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠶᠠᠪᠤᠴᠠ ᠶᠢᠨ ᠡᠯ᠎ᠡ ᠲᠠᠯ᠎ᠠ ᠳᠤ ᠲᠤᠤᠱᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠦᠨᠡᠨᠬᠦ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ ᠴᠢᠬᠤᠯᠠᠴᠢᠯᠠᠭᠰᠠᠨ ᠨᠢ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠨᠢ ᠨᠠᠮ ᠪᠠ ᠤᠯᠤᠰ ᠤᠨ ᠦᠨᠳᠦᠰᠦᠲᠡᠨ ᠤ ᠲᠥᠷᠥ ᠶᠢᠨ ᠪᠣᠳᠣᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ ᠲᠣᠭᠲᠠᠭᠤᠨ ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠬᠠᠮᠠᠭᠠᠯᠠᠬᠤ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠲᠦᠢᠯ ᠤᠨ ᠴᠢᠬᠤᠯᠠ ᠠᠴᠢ ᠬᠤᠯᠪᠣᠭᠳᠠᠯ ᠲᠠᠢ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠳᠡᠭᠡᠳᠦ ᠳᠣᠣᠷᠠᠳᠤ ᠱᠠᠲᠤ ᠪᠠᠷ ᠢᠶᠠᠨ ᠬᠤᠯᠪᠣᠭᠠᠯᠠᠨ ᠬᠥᠳᠡᠯᠦᠯᠴᠡᠬᠦ᠂ ᠵᠡᠭᠦᠨ ᠪᠠᠷᠠᠭᠤᠨ ᠲᠠᠯ᠎ᠠ ᠪᠠᠷ ᠢᠶᠠᠨ ᠬᠠᠮᠵᠢᠯᠴᠠᠬᠤ ᠶᠢ ᠴᠢᠩᠭᠠᠳᠬᠠᠵᠤ᠂ ᠡᠭᠦᠳᠦᠨ ᠪᠠᠶᠢᠭᠤᠯᠬᠤ ᠬᠠᠮᠲᠤᠷᠠᠯ ᠤᠨ ᠬᠦᠴᠦᠨ ᠢ ᠨᠢᠭᠲᠠᠷᠠᠭᠤᠯᠬᠤ ᠬᠡᠷᠡᠭᠲᠡᠢ᠃ ᠨᠢᠭᠡᠳᠦᠮᠡᠯ ᠹᠷᠣᠨᠲ ᠤᠨ ᠬᠡᠯᠲᠡᠰ ᠪᠣᠯᠤᠨ ᠦᠨᠳᠦᠰᠦᠲᠡᠨ ᠤ ᠬᠡᠷᠡᠭ ᠡᠷᠬᠢᠯᠡᠬᠦ ᠵᠥᠪᠯᠡᠯ ᠲᠦᠷᠦᠭᠦᠯᠡᠨ ᠬᠢᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠣᠯᠤᠯᠴᠠᠭ᠎ᠠ ᠵᠣᠬᠢᠴᠠᠭᠤᠯᠭ᠎ᠠ ᠪᠠᠨ ᠤᠯᠠᠮ ᠴᠢᠨᠠᠭᠰᠢᠳᠠ ᠴᠢᠩᠭᠠᠳᠬᠠᠵᠤ᠂ ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠦᠨᠡᠨᠬᠦ ᠰᠠᠶᠢᠲᠤᠷ ᠪᠠᠳᠠᠷᠠᠭᠤᠯᠵᠤ᠂ ᠡᠭᠦᠳᠦᠨ ᠪᠠᠶᠢᠭᠤᠯᠬᠤ ᠠᠵᠢᠯ ᠤᠨ ᠳᠤᠮᠳᠠ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠬᠦ ᠬᠡᠷᠡᠭᠲᠡᠢ᠃ ᠪᠤᠰᠤᠳ ᠡᠯ᠎ᠡ ᠰᠠᠯᠠᠭ᠎ᠠ ᠮᠥᠴᠢᠷ ᠴᠦ ᠡᠭᠦᠳᠦᠨ ᠪᠠᠶᠢᠭᠤᠯᠬᠤ ᠠᠵᠢᠯ ᠤᠨ ᠲᠣᠭᠤᠷᠢᠨ ᠳᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠭᠦᠳᠦᠨ ᠪᠠᠶᠢᠭᠤᠯᠬᠤ ᠠᠵᠢᠯ ᠢ ᠦᠨᠡᠨ ᠬᠦ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠰᠠᠶᠢᠲᠤᠷ ᠠᠳᠬᠤᠵᠤ᠂ ᠡᠭᠦᠳᠦᠨ ᠪᠠᠶᠢᠭᠤᠯᠬᠤ ᠠᠵᠢᠯ ᠤᠨ ᠲᠡᠭᠦᠰ ᠠᠮᠵᠢᠯᠲᠠ ᠲᠠᠢ ᠪᠡᠶᠡᠯᠡᠭᠳᠡᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号