ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠠᠷᠪᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠺᠠᠳ᠋ᠷ ᠪᠠ ᠬᠤᠰᠢᠭᠤᠨ ᠤ ᠳᠡᠰ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 29 ᠤ ᠡᠳᠦᠷ ᠠᠴᠠ 31 ᠤ ᠡᠳᠦᠷ ᠪᠣᠯᠲᠠᠯ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ 2024 ᠣᠨ ᠤ ᠨᠠᠮ ᠤᠨ ᠭᠡᠰᠢᠭᠦᠨ ᠤ ᠨᠠᠮ ᠤᠨ ᠰᠤᠷᠭᠠᠭᠤᠯᠢ ᠳᠤ ᠣᠷᠣᠬᠤ ᠠᠷᠪᠠᠳᠤᠭᠠᠷ ᠬᠤᠭᠤᠴᠠᠭᠠᠨ ᠤ ᠪᠣᠯᠪᠠᠰᠤᠷᠠᠯ ᠤᠨ ᠠᠩᠭᠢ ᠵᠢᠴᠢ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠺᠠᠳ᠋ᠷ ᠪᠠ ᠬᠤᠰᠢᠭᠤᠨ ᠳᠡᠰ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠨᠠᠮ ᠤᠨ ᠡᠭᠦᠷ ᠤᠨ ᠵᠢᠱᠢᠶ᠎ᠡ ᠦᠵᠡᠭᠦᠯᠬᠦ ᠪᠣᠯᠪᠠᠰᠤᠷᠠᠯ ᠤᠨ ᠠᠩᠭᠢ ᠶᠢ ᠡᠷᠬᠢᠯᠡᠵᠦ᠂ ᠥᠪᠡᠷᠲᠡᠭᠡᠨ ᠵᠠᠰᠠᠬᠤ ᠣᠷᠣᠨ ᠤ ᠭᠠᠴᠠᠭ᠎ᠠ ᠲᠣᠰᠬᠤᠨ ᠤ ᠺᠠᠳ᠋ᠷ ᠪᠠ ᠬᠤᠰᠢᠭᠤᠨ ᠳᠡᠰ ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠰᠠᠶᠢᠨ ᠨᠠᠮ ᠤᠨ ᠡᠭᠦᠷ ᠤᠨ ᠪᠢᠴᠢᠭ ᠢ ᠰᠣᠩᠭᠤᠨ ᠲᠣᠮᠢᠯᠠᠭᠰᠠᠨ ᠨᠡᠶᠢᠲᠡ 40 ᠭᠠᠷᠤᠢ ᠬᠥᠮᠦᠨ ᠪᠣᠯᠪᠠᠰᠤᠷᠠᠯ ᠳᠤ ᠣᠷᠣᠯᠴᠠᠵᠠᠢ᠃    ᠲᠤᠰ ᠤᠳᠠᠭᠠᠨ ᠤ ᠪᠣᠯᠪᠠᠰᠤᠷᠠᠯ ᠨᠢ 3 ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ ᠣᠨᠣᠯ ᠢᠶᠠᠷ ᠬᠢᠴᠢᠶᠡᠯᠯᠡᠬᠦ ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ ᠪᠠ ᠰᠣᠯᠢᠯᠴᠠᠵᠤ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠪᠠᠭᠰᠢ ᠠᠴᠠ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠣᠢ ᠪᠣᠯᠭᠠᠬᠤ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠳᠦᠷᠢᠮ︾ ᠢ ᠵᠢᠭᠠᠵᠤ᠂ ᠰᠤᠷᠤᠭᠴᠢᠳ ᠢ ᠵᠣᠬᠢᠶᠠᠨ ᠪᠠᠶᠢᠭᠤᠯᠤᠨ ᠳᠥᠷᠥᠯᠵᠢ ᠪᠠᠯᠭᠠᠰᠤᠨ ᠤ ᠱᠤᠸᠠᠩ ᠶᠢᠨ ᠭᠠᠴᠠᠭ᠎ᠠ᠂ ᠳᠠᠶᠢᠴᠢᠨᠲᠠᠯ᠎ᠠ ᠰᠤᠮᠤ ᠶᠢᠨ ᠳᠠᠶᠢᠴᠢᠨᠲᠠᠯ᠎ᠠ ᠭᠠᠴᠠᠭ᠎ᠠ᠂ ᠪᠠᠶᠠᠨᠨᠠᠭᠤᠷ ᠰᠤᠮᠤ ᠶᠢᠨ ᠬᠠᠮᠲᠤᠷᠠᠭᠰᠠᠨ ᠭᠠᠴᠠᠭ᠎ᠠ ᠵᠡᠷᠭᠡ ᠭᠠᠵᠠᠷ ᠲᠤ ᠲᠣᠭᠤᠷᠢᠨ ᠦᠵᠡᠭᠦᠯᠵᠦ᠂ ᠶᠠᠪᠤᠬᠤ᠂ ᠦᠵᠡᠬᠦ᠂ ᠰᠣᠨᠣᠰᠬᠤ᠂ ᠰᠤᠷᠤᠯᠴᠠᠬᠤ ᠵᠡᠷᠭᠡ ᠬᠡᠯᠪᠡᠷᠢ ᠪᠠᠷ ᠳᠠᠮᠵᠢᠭᠤᠯᠤᠨ᠂ ᠨᠡᠪᠲᠡᠷᠡᠯᠴᠡᠨ ᠰᠣᠯᠢᠯᠴᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ ᠶᠢ ᠤᠯᠠᠮ ᠨᠢᠭᠡ ᠠᠯᠬᠤᠮ ᠠᠬᠢᠭᠤᠯᠵᠤ᠂ ᠠᠵᠢᠯ ᠤᠨ ᠰᠡᠳᠬᠢᠴᠡ ᠪᠠ ᠬᠠᠷᠠᠭ᠎ᠠ ᠪᠠᠨ ᠥᠷᠭᠡᠳᠬᠡᠨ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ ᠶᠤᠮ᠃    ᠪᠣᠯᠪᠠᠰᠤᠷᠠᠯ ᠳᠤ ᠣᠷᠣᠯᠴᠠᠭᠰᠠᠳ᠂ ᠲᠤᠰ ᠤᠳᠠᠭᠠᠨ ᠤ ᠪᠣᠯᠪᠠᠰᠤᠷᠠᠯ ᠤᠨ ᠬᠡᠷᠡᠭᠯᠡᠭᠡᠨ ᠤ ᠴᠢᠨᠠᠷ ᠪᠠ ᠬᠠᠨᠳᠤᠯᠭᠠᠲᠤ ᠴᠢᠨᠠᠷ ᠢᠶᠠᠷ ᠨᠡᠯᠢᠶᠡᠳ ᠴᠢᠩᠭ᠎ᠠ ᠪᠠᠶᠢᠵᠤ᠂ ᠰᠢᠨ᠎ᠡ ᠴᠠᠭ ᠦᠶ᠎ᠡ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠲᠤᠬᠠᠢ ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠬᠤᠶᠢᠰᠢᠳᠠ ᠶᠢᠨ ᠠᠵᠢᠯ ᠤᠨ ᠳᠤᠮᠳᠠ ᠰᠠᠬᠢᠯᠭ᠎ᠠ ᠪᠠᠲᠤ ᠶᠣᠰᠣ ᠳᠦᠷᠢᠮ ᠤᠨ ᠤᠬᠠᠮᠰᠠᠷ ᠢᠶᠠᠨ ᠦᠷᠭᠦᠯᠵᠢᠯᠡᠨ ᠴᠢᠩᠭᠠᠳᠬᠠᠵᠤ᠂ ᠬᠤᠷᠢᠭ᠎ᠠ ᠱᠤᠭᠤᠮ ᠤᠨ ᠤᠯᠠᠭᠠᠨ ᠱᠤᠭᠤᠮ ᠢ ᠪᠠᠲᠤ ᠰᠠᠬᠢᠵᠤ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠡᠩ ᠪᠣᠳᠠᠲᠠᠢ ᠶᠢ ᠡᠷᠬᠢᠮᠯᠡᠬᠦ ᠰᠤᠷᠲᠠᠯ᠂ ᠨᠡᠩ ᠬᠦᠴᠦᠲᠡᠢ ᠠᠷᠭ᠎ᠠ ᠬᠡᠮᠵᠢᠶ᠎ᠡ ᠪᠠᠷ ᠨᠠᠮ ᠤᠨ ᠡᠭᠦᠷ ᠤᠨ ᠪᠠᠭ ᠢ ᠪᠠᠶᠢᠭᠤᠯᠤᠨ ᠬᠦᠴᠦᠷᠬᠡᠭᠵᠢᠭᠦᠯᠬᠦ᠂ ᠠᠵᠤ ᠦᠢᠯᠡᠰ ᠤᠨ ᠬᠥᠭᠵᠢᠯᠲᠡ ᠶᠢ ᠰᠦᠪᠡᠭᠴᠢᠯᠡᠬᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠬᠤ ᠵᠡᠷᠭᠡ ᠲᠠᠯ᠎ᠠ ᠪᠠᠷ ᠬᠦᠴᠦᠯᠡᠵᠦ᠂ ᠣᠷᠣᠰᠢᠨ ᠰᠠᠭᠤᠬᠤ ᠳᠤ ᠲᠣᠬᠢᠷᠠᠮᠵᠢᠲᠠᠢ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠠᠶᠢᠭᠤᠯᠤᠨ᠎ᠠ ᠭᠡᠵᠦ ᠢᠯᠡᠳᠬᠡᠵᠡᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号