ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠮᠠ ᠢ ᠪᠦᠯᠦᠭᠯᠡᠯ ᠬᠠᠮᠲᠤᠷᠠᠨ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 31 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠪᠣᠯᠤᠨ ᠮᠠ ᠢ ᠪᠦᠯᠦᠭᠯᠡᠯ ᠢ ᠬᠠᠮᠲᠤᠷᠠᠯᠴᠠᠨ ᠵᠣᠯᠭᠠᠭᠤᠯᠬᠤ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ ᠬᠤᠷᠠᠯ ᠳᠤ ᠣᠷᠣᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠹᠧᠩ ᠵᠢᠶᠠᠨ ᠵᠦᠩ ᠬᠤᠷᠠᠯ ᠡᠷᠬᠢᠯᠡᠵᠦ᠂ ᠮᠠ ᠢ ᠪᠦᠯᠦᠭᠯᠡᠯ ᠤᠨ ᠦᠷᠭᠦᠯᠵᠢᠯᠡᠬᠦ ᠬᠥᠭᠵᠢᠯᠲᠡ ᠶᠢᠨ ᠬᠡᠯᠲᠡᠰ ᠤᠨ ᠳᠡᠳ᠋ ᠶᠡᠷᠦᠩᠬᠡᠢ ᠵᠠᠬᠢᠷᠤᠭᠴᠢ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠡᠯᠲᠡᠰ ᠤᠨ ᠶᠡᠷᠦᠩᠬᠡᠢ ᠳᠠᠭᠠᠭᠠᠮᠠᠯ ᠵᠤᠤ ᠰᠢᠶᠣᠤ ᠯᠧᠢ ᠨᠡᠷ ᠬᠤᠷᠠᠯ ᠳᠤ ᠣᠷᠣᠯᠴᠠᠵᠠᠢ᠃    ᠶᠠᠷᠢᠯᠴᠠᠬᠤ ᠬᠤᠷᠠᠯ ᠳᠡᠭᠡᠷ᠎ᠡ᠂ ᠮᠠ ᠢ ᠪᠦᠯᠦᠭᠯᠡᠯ ᠬᠠᠮᠲᠤᠷᠠᠯᠴᠠᠭᠠᠨ ᠤ ᠲᠥᠰᠦᠯ ᠵᠢᠴᠢ ᠲᠥᠷᠥᠯ ᠵᠦᠢᠯ ᠤᠨ ᠢᠷᠡᠭᠡᠳᠦᠢ ᠶᠢᠨ ᠬᠥᠭᠵᠢᠯᠲᠡ ᠶᠢᠨ ᠲᠥᠯᠥᠪᠯᠡᠭᠡ ᠶᠢ ᠲᠠᠨᠢᠯᠴᠠᠭᠤᠯᠪᠠ᠃ ᠬᠤᠶᠠᠷ ᠲᠠᠯ᠎ᠠ ᠪᠠᠷ ᠢᠶᠠᠨ ᠳᠠᠷᠠᠭᠠᠴᠢ ᠶᠢᠨ ᠠᠯᠬᠤᠮ ᠤᠨ ᠬᠠᠮᠲᠤᠷᠠᠯᠴᠠᠭ᠎ᠠ ᠵᠣᠯᠭᠠᠯᠴᠠᠭ᠎ᠠ ᠶᠢᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠵᠤ ᠶᠠᠷᠢᠯᠴᠠᠪᠠ᠃     ᠵᠤᠤ ᠰᠢᠶᠣᠤ ᠯᠧᠢ ᠮᠠ ᠢ ᠪᠦᠯᠦᠭᠯᠡᠯ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠲᠤᠬᠠᠢ ᠲᠠᠨᠢᠯᠴᠠᠭᠤᠯᠪᠠ᠃ ᠲᠡᠷᠡ᠂ ᠮᠠ ᠢ ᠪᠦᠯᠦᠭᠯᠡᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠩᠭᠢᠯᠠᠭ᠎ᠠ ᠶᠢᠨ ᠡᠯᠧᠮᠧᠨ᠋ᠲ ᠤᠨ ᠲᠣᠭᠤᠷᠢᠨ ᠳᠤ ᠲᠣᠭᠠᠴᠢᠯᠠᠭᠰᠠᠨ ᠮᠡᠷᠭᠡᠵᠢᠯ ᠪᠣᠯᠤᠨ ᠲᠠᠪᠴᠠᠩ ᠤᠨ ᠴᠢᠳᠠᠪᠤᠷᠢ ᠶᠢ ᠪᠠᠳᠠᠷᠠᠭᠤᠯᠵᠤ᠂ ᠭᠤᠣᠯᠳᠠᠭᠤ ᠪᠣᠬᠢᠷᠲᠤᠯ ᠦᠭᠡᠢ ᠠᠮᠢ ᠠᠬᠤᠢ᠂ ᠪᠣᠬᠢᠷᠲᠤᠯ ᠦᠭᠡᠢ ᠠᠵᠤ ᠦᠢᠯᠡᠰ᠂ ᠪᠣᠬᠢᠷᠲᠤᠯ ᠦᠭᠡᠢ ᠳᠠᠭᠠᠭᠤᠯᠤᠭᠴᠢ ᠴᠢᠳᠠᠪᠤᠷᠢᠲᠠᠨ ᠪᠣᠯᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠳᠥᠷᠪᠡᠨ ᠲᠠᠯ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠤᠨ ᠰᠣᠯᠢᠯᠴᠠᠭ᠎ᠠ ᠠᠶᠢᠯᠴᠢᠯᠠᠯᠲᠠ ᠪᠠᠨ ᠴᠢᠩᠭᠠᠳᠬᠠᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠬᠤᠰᠢᠭᠤ ᠰᠢᠶᠠᠨ ᠢ ᠪᠠᠶᠢᠭᠤᠯᠬᠤ ᠳᠤ ᠬᠦᠴᠦᠨ ᠨᠡᠮᠡᠷᠢᠯᠡᠵᠦ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ ᠭᠡᠵᠡᠢ᠃    ᠸᠠᠩ ᠬᠠᠢ ᠶᠢᠩ ᠬᠡᠯᠡᠬᠦ ᠳᠡᠭᠡᠨ᠂ ᠥᠩᠭᠡᠷᠡᠭᠰᠡᠨ ᠳᠤ ᠮᠠ ᠢ ᠪᠦᠯᠦᠭᠯᠡᠯ ᠲᠠᠢ ᠨᠡᠶᠢᠲᠡ ᠶᠢᠨ ᠠᠰᠠᠷᠠᠮᠵᠢ ᠶᠢᠨ ᠣᠶᠢᠵᠢᠯᠲᠠ᠂ ᠲᠣᠰᠣ ᠨᠡᠮᠡᠬᠦ ᠮᠦ ᠯᠠᠨ ᠡᠮᠡᠭᠲᠡᠶᠢᠴᠦᠳ ᠤᠨ ᠨᠡᠶᠢᠲᠡ ᠶᠢᠨ ᠠᠰᠠᠷᠠᠮᠵᠢ ᠶᠢᠨ ᠳᠠᠭᠠᠳᠬᠠᠯ ᠵᠡᠷᠭᠡ ᠲᠥᠷᠥᠯ ᠵᠦᠢᠯ ᠳᠤ ᠮᠠᠰᠢ ᠰᠠᠶᠢᠨ ᠬᠠᠮᠲᠤᠷᠠᠯᠴᠠᠭ᠎ᠠ ᠲᠠᠢ ᠪᠠᠶᠢᠵᠠᠢ᠂ ᠳᠠᠷᠠᠭᠠᠴᠢ ᠶᠢᠨ ᠠᠯᠬᠤᠮ ᠳᠤ ᠬᠤᠶᠠᠷ ᠲᠠᠯ᠎ᠠ ᠪᠠᠷ ᠢᠶᠠᠨ ᠰᠣᠯᠢᠯᠴᠠᠭ᠎ᠠ ᠵᠣᠯᠭᠠᠯᠴᠠᠭ᠎ᠠ ᠪᠠᠨ ᠴᠢᠩᠭᠠᠳᠬᠠᠵᠤ᠂ ᠲᠥᠷᠥᠯ ᠵᠦᠢᠯ ᠤᠨ ᠪᠣᠳᠠᠲᠠᠢ ᠠᠭᠤᠯᠭ᠎ᠠ ᠪᠠᠨ ᠲᠣᠳᠣᠷᠬᠠᠶᠢᠯᠠᠨ᠂ ᠨᠠᠷᠢᠨ ᠨᠢᠮᠪᠠᠢ᠂ ᠬᠡᠷᠡᠭᠵᠢᠭᠦᠯᠵᠦ ᠪᠣᠯᠬᠤ ᠬᠡᠷᠡᠭᠵᠢᠭᠦᠯᠬᠦ ᠲᠥᠰᠦᠯ ᠲᠣᠭᠲᠠᠭᠠᠵᠤ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠤᠰᠬᠠᠢ ᠠᠩᠭᠢ ᠶᠢᠨ ᠨᠡᠪᠲᠡᠷᠡᠯᠴᠡᠨ ᠵᠣᠬᠢᠴᠠᠭᠤᠯᠬᠤ ᠲᠣᠭᠲᠠᠴᠠ ᠪᠠᠶᠢᠭᠤᠯᠵᠤ᠂ ᠲᠥᠷᠥᠯ ᠵᠦᠢᠯ ᠳᠤ ᠬᠡᠷᠡᠭᠰᠡᠬᠦ ᠲᠥᠷᠥ ᠶᠢᠨ ᠪᠣᠳᠣᠯᠭ᠎ᠠ᠂ ᠡᠬᠢ ᠪᠠᠶᠠᠯᠢᠭ ᠤᠨ ᠳᠡᠮᠵᠢᠯᠭᠡ ᠵᠡᠷᠭᠡ ᠠᠵᠢᠯ ᠤᠨ ᠲᠠᠯ᠎ᠠ ᠪᠠᠷ ᠬᠦᠴᠦᠨ ᠨᠡᠮᠡᠷᠢᠯᠡᠵᠦ᠂ ᠮᠠ ᠢ ᠪᠦᠯᠦᠭᠯᠡᠯ ᠤᠨ ᠲᠤᠰ ᠪᠡᠶ᠎ᠡ ᠶᠢᠨ ᠨᠥᠯᠥᠭᠡᠯᠡᠬᠦ ᠬᠦᠴᠦᠨ ᠢᠶᠠᠨ ᠪᠠᠳᠠᠷᠠᠭᠤᠯᠵᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠬᠦᠴᠦᠨ ᠨᠡᠮᠡᠷᠢᠯᠡᠵᠦ᠂ ᠬᠠᠮᠲᠤᠷᠠᠯᠴᠠᠭ᠎ᠠ ᠶᠢᠨ ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠬᠤ ᠶᠢ ᠬᠦᠰᠡᠵᠦ ᠪᠠᠶᠢᠨ᠎ᠠ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号