ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ︾ ᠤᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠵᠢᠴᠢ ᠠᠨᠠᠷ ᠤᠨ ᠦᠷ᠎ᠡ ᠬᠥᠷᠰᠢ ᠶᠢᠨ ᠰᠣᠶᠣᠯ ᠤᠨ ᠶᠡᠭᠡ ᠴᠤᠭᠯᠠᠭᠠᠨ ᠡᠷᠭᠢᠯᠡᠪᠡ
ᠨᠡᠶᠢᠲᠡᠯᠡᠭᠰᠡᠨ ᠴᠠᠭ᠄
2024/8/1
   ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠴᠢᠩᠭᠠᠳᠬᠠᠵᠤ᠂ ᠴᠡᠷᠢᠭ ᠤᠨ ᠶᠠᠪᠤᠳᠠᠯ ᠤᠨ ᠮᠡᠳᠡᠯᠭᠡ ᠶᠢ ᠲᠦᠭᠡᠮᠡᠯᠵᠢᠭᠦᠯᠦᠨ᠂ ᠬᠥᠷᠰᠢ ᠵᠡᠷᠭᠡᠯᠡᠳᠡᠭᠡ ᠶᠢᠨ ᠬᠤᠭᠤᠷᠣᠨᠳᠣᠬᠢ ᠰᠣᠯᠢᠯᠴᠠᠭ᠎ᠠ ᠪᠠ ᠦᠢᠯᠡᠳᠦᠯᠴᠡᠯ ᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 31 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ︾ ᠤᠨ ᠭᠤᠣᠯ ᠰᠡᠳᠦᠪᠲᠦ ᠰᠣᠶᠣᠯ ᠤᠨ ᠠᠵᠢᠯᠯᠠᠭ᠎ᠠ ᠵᠢᠴᠢ ᠠᠨᠠᠷ ᠤᠨ ᠦᠷ᠎ᠡ ᠶᠢᠨ ᠬᠥᠷᠰᠢ ᠵᠡᠷᠭᠡᠯᠡᠳᠡᠭᠡ ᠰᠣᠶᠣᠯ ᠤᠨ ᠴᠤᠭᠯᠠᠭᠠᠨ ᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠨᠳᠠᠮᠤᠨᠢ ᠨᠡᠶᠢᠭᠡᠮ ᠲᠣᠭᠤᠷᠢᠭ ᠲᠤ ᠡᠷᠬᠢᠯᠡᠪᠡ᠃    ᠰᠣᠶᠣᠯ ᠤᠨ ᠴᠤᠭᠯᠠᠷᠠᠯ ᠤᠨ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠠᠵᠢᠯᠲᠠᠳ ᠨᠡᠶᠢᠭᠡᠮ ᠲᠣᠭᠤᠷᠢᠭ ᠤᠨ ᠵᠠᠯᠠᠭᠤᠴᠤᠳ ᠲᠤ ᠴᠡᠷᠢᠭ ᠲᠤ ᠣᠷᠣᠬᠤ ᠬᠠᠮᠢᠶ᠎ᠠ ᠪᠦᠬᠦᠢ ᠤᠴᠢᠷ ᠶᠠᠪᠤᠳᠠᠯ ᠢᠶᠠᠨ ᠬᠠᠯᠠᠭᠤᠮᠰᠤᠭ ᠢᠶᠠᠷ ᠲᠠᠨᠢᠯᠴᠠᠭᠤᠯᠵᠤ᠂ ᠲᠡᠳᠡᠨ ᠤ ᠴᠡᠷᠢᠭ ᠤᠨ ᠪᠠᠷᠢᠭᠠᠳᠠ᠂ ᠤᠯᠤᠰ ᠣᠷᠣᠨ ᠢᠶᠠᠨ ᠬᠠᠮᠠᠭᠠᠯᠠᠬᠤ ᠶᠢ ᠵᠣᠷᠢᠭᠵᠢᠭᠤᠯᠵᠠᠢ᠃ ᠴᠠᠭᠠᠷᠢᠭ ᠲᠣᠭᠯᠠᠭᠠᠮ ᠪᠠ ᠤᠰᠤᠨ ᠪᠥᠮᠪᠦᠭᠡ ᠶᠢᠨ ᠶᠡᠭᠡ ᠪᠠᠶᠢᠯᠳᠤᠭᠠᠨ ᠨᠢ ᠮᠠᠱᠢ ᠣᠯᠠᠨ ᠬᠡᠦᠬᠡᠳ ᠢ ᠢᠳᠡᠪᠬᠢᠲᠡᠢ ᠣᠷᠣᠯᠴᠠᠭᠤᠯᠵᠤ᠂ ᠬᠡᠦᠬᠡᠳ ᠤᠨ ᠪᠠᠶᠠᠷ ᠬᠥᠷ ᠤᠨ ᠳᠤᠮᠳᠠ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠵᠠᠢ᠃ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠲᠣᠭᠤᠷᠢᠭ ᠲᠤ᠂ ᠠᠵᠢᠯᠲᠠᠳ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠲᠤ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠮᠠᠳᠠᠭ ᠲᠠᠢ ᠠᠰᠠᠭᠤᠳᠠᠯ ᠢ ᠬᠦᠯᠢᠴᠡᠩᠭᠦᠢ ᠪᠠᠷ ᠬᠠᠷᠢᠭᠤᠯᠵᠤ᠂ ᠰᠠᠭᠤᠭᠠᠯᠢ ᠠᠷᠠᠳ ᠤᠨ ᠬᠠᠤᠯᠢ ᠴᠠᠭᠠᠵᠠ ᠶᠢᠨ ᠤᠬᠠᠮᠰᠠᠷ ᠢ ᠴᠢᠩᠭᠠᠳᠬᠠᠪᠠ᠃    ︽ᠥᠨᠥᠳᠦᠷ ᠡᠨᠡ ᠬᠦ ᠰᠣᠶᠣᠯ ᠤᠨ ᠶᠡᠭᠡ ᠴᠤᠭᠯᠠᠭᠠᠨ ᠤ ᠠᠵᠢᠯᠯᠠᠭ᠎ᠠ ᠳᠤ ᠣᠷᠣᠯᠴᠠᠬᠤ ᠨᠢ ᠪᠢᠳᠡᠨ ᠳᠤ ᠨᠡᠩ ᠣᠯᠠᠨ ᠠᠷᠠᠳ ᠤᠨ ᠠᠮᠢᠳᠤᠷᠠᠯ ᠤᠨ ᠲᠥᠷᠥ ᠶᠢᠨ ᠪᠣᠳᠣᠯᠭ᠎ᠠ ᠶᠢ ᠣᠶᠢᠯᠠᠭᠠᠭᠤᠯᠬᠤ ᠪᠠᠷ ᠪᠠᠷᠠᠬᠤ ᠦᠭᠡᠢ᠂ ᠪᠠᠰᠠ ᠮᠠᠨ ᠤ ᠠᠵᠢᠯ ᠤᠨ ᠴᠢᠯᠥᠭᠡᠨ ᠤ ᠠᠮᠢᠳᠤᠷᠠᠯ ᠢ ᠪᠠᠶᠠᠯᠢᠭᠵᠢᠭᠤᠯᠤᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠨᠳᠠᠮᠤᠨᠢ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠦ ᠬᠤᠩ ᠰᠢᠶᠠᠩ ᠬᠡᠯᠡᠪᠡ᠃    ᠨᠡᠶᠢᠭᠡᠮ ᠲᠣᠭᠤᠷᠢᠭ ᠤᠨ ᠬᠤᠷᠠᠯ ᠤᠨ ᠭᠡᠷ ᠲᠤ᠂ ᠴᠡᠷᠢᠭ ᠠᠴᠠ ᠬᠠᠯᠠᠭᠳᠠᠭᠰᠠᠨ ᠠᠬᠠᠮᠠᠳ ᠴᠡᠷᠢᠭ ᠲᠤᠰ ᠪᠡᠶ᠎ᠡ ᠶᠢᠨ ᠴᠡᠷᠢᠭ ᠪᠣᠯᠤᠭᠰᠠᠨ ᠥᠩᠭᠡᠷᠡᠯᠲᠡ ᠪᠠᠨ ᠭᠦᠨ ᠰᠡᠳᠬᠢᠯᠭᠡ ᠲᠠᠢ ᠪᠠᠷ ᠶᠠᠷᠢᠵᠤ᠂ ᠨᠢᠭᠡᠨ ᠲᠠᠯᠠᠪᠠᠢ ᠭᠤᠶᠢᠳᠠ ᠰᠠᠶᠢᠬᠠᠨ ᠤᠯᠤᠰ ᠤᠨ ᠪᠠᠲᠤᠯᠠᠨ ᠬᠠᠮᠠᠭᠠᠯᠠᠯᠲᠠ ᠶᠢᠨ ᠮᠡᠳᠡᠯᠭᠡ ᠶᠢᠨ ᠲᠠᠶᠢᠯᠤᠮᠵᠢ ᠬᠢᠵᠦ᠂ ᠲᠡᠳᠡ ᠥᠪᠡᠷ ᠤᠨ ᠥᠩᠭᠡᠷᠡᠯᠲᠡ ᠪᠠᠷ ᠢᠶᠠᠨ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠳᠠᠮᠵᠢᠭᠤᠯᠵᠤ᠂ ᠣᠯᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠤᠬᠠᠮᠰᠠᠷ ᠪᠣᠯᠤᠨ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠶᠢ ᠬᠥᠭᠵᠢᠭᠡᠪᠡ᠃    ᠨᠡᠶᠢᠭᠡᠮ ᠲᠣᠭᠤᠷᠢᠭ ᠲᠤ ᠪᠠᠰᠠ ᠴᠡᠷᠢᠭ ᠤᠨ ᠵᠡᠪᠰᠡᠭ ᠲᠣᠨᠣᠭᠯᠠᠯ ᠪᠣᠯᠤᠨ ᠴᠡᠷᠢᠭ ᠤᠨ ᠶᠠᠪᠤᠳᠠᠯ ᠤᠨ ᠰᠣᠶᠣᠯ ᠤᠨ ᠠᠯᠢ ᠣᠯᠠᠨ ᠦᠵᠡᠭᠦᠯᠦᠯᠭᠡ ᠶᠢ ᠳᠡᠯᠭᠡᠨ ᠦᠵᠡᠭᠦᠯᠵᠦ᠂ ᠰᠠᠭᠤᠭᠠᠯᠢ ᠠᠷᠠᠳ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠤᠨ ᠳᠤᠮᠳᠠ ᠡᠯᠪᠡᠭ ᠪᠠᠶᠠᠯᠢᠭ ᠴᠡᠷᠢᠭ ᠤᠨ ᠶᠠᠪᠤᠳᠠᠯ ᠤᠨ ᠵᠢᠵᠢᠭ ᠮᠡᠳᠡᠯᠭᠡ ᠶᠢ ᠣᠯᠵᠤ᠂ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠣᠶᠢᠯᠠᠭᠠᠯᠲᠠ ᠪᠣᠯᠤᠨ ᠲᠠᠨᠢᠯᠲᠠ ᠪᠠᠨ ᠳᠡᠭᠡᠭᠰᠢᠯᠡᠭᠦᠯᠪᠡ᠃    ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠡᠳᠦᠷ ᠣᠶᠢᠷᠠᠳᠴᠤ ᠲᠤᠰ ᠤᠳᠠᠭᠠᠨ ᠤ ᠠᠵᠢᠯᠯᠠᠭ᠎ᠠ ᠶᠢ ᠥᠷᠨᠢᠭᠦᠯᠦᠭᠰᠡᠨ ᠨᠢ ᠴᠡᠷᠢᠭ ᠬᠥᠮᠦᠨ ᠢ ᠬᠦᠨᠳᠦᠳᠬᠡᠨ ᠪᠢᠰᠢᠷᠡᠵᠦ ᠪᠠᠶᠢᠬᠤ ᠪᠠᠷ ᠪᠠᠷᠠᠬᠤ ᠦᠭᠡᠢ᠂ ᠨᠡᠩ ᠴᠤ ᠠᠭᠤᠤ ᠶᠡᠭᠡ ᠴᠡᠷᠢᠭ ᠪᠠᠶᠢᠭᠤᠯᠬᠤ ᠵᠣᠷᠢᠭ ᠰᠠᠨᠠᠭ᠎ᠠ ᠶᠢ ᠤᠯᠠᠮᠵᠢᠯᠠᠨ ᠪᠠᠳᠠᠷᠠᠭᠤᠯᠤᠭᠰᠠᠨ ᠶᠠᠪᠤᠳᠠᠯ ᠪᠣᠯᠤᠨ᠎ᠠ᠃ ᠡᠨᠡ ᠤᠳᠠᠭᠠᠨ ᠤ ᠰᠣᠶᠣᠯ ᠤᠨ ᠶᠡᠭᠡ ᠴᠤᠭᠯᠠᠷᠠᠯ ᠢᠶᠠᠷ ᠳᠠᠮᠵᠢᠭᠤᠯᠤᠨ᠂ ᠠᠷᠠᠳ ᠤᠨ ᠴᠡᠷᠢᠭ ᠠᠩᠭᠢ ᠶᠢᠨ ᠭᠡᠷᠡᠯ ᠰᠠᠴᠤᠷᠠᠩᠭᠤᠢ ᠥᠩᠭᠡᠷᠡᠯᠲᠡ ᠪᠠ ᠭᠠᠷᠮᠠᠭᠠᠢ ᠠᠮᠵᠢᠯᠲᠠ ᠪᠦᠲᠦᠮᠵᠢ ᠶᠢ ᠨᠡᠩ ᠣᠯᠠᠨ ᠬᠥᠮᠦᠨ ᠳᠤ ᠣᠶᠢᠯᠠᠭᠠᠭᠤᠯᠵᠤ᠂ ᠪᠠᠰᠠ ᠤᠯᠤᠰ ᠤᠨ ᠪᠠᠲᠤᠯᠠᠨ ᠬᠠᠮᠠᠭᠠᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠥᠮᠦᠨ ᠪᠦᠬᠦᠨ ᠲᠠᠢ ᠨᠢᠭᠲᠠ ᠬᠤᠯᠪᠣᠭ᠎ᠠ ᠲᠠᠢ ᠪᠠᠶᠢᠬᠤ ᠶᠢ ᠣᠯᠠᠨ ᠳᠤ ᠮᠡᠳᠡᠷᠡᠭᠦᠯᠪᠡ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠰᠢᠨᠵᠢᠯᠡᠬᠦ ᠤᠬᠠᠭᠠᠨ ᠤ ᠲᠤᠰᠠᠯᠠᠭᠴᠢ ᠯᠧᠦ ᠭᠦᠸᠧ ᠴᠢᠶᠠᠩ ᠬᠡᠯᠡᠪᠡ᠃    ᠠᠵᠢᠯᠯᠠᠭ᠎ᠠ ᠶᠢᠨ ᠥᠷᠨᠢᠯᠲᠡ ᠨᠢ ᠤᠳᠬ᠎ᠠ ᠤᠷᠠᠯᠢᠭ ᠤᠨ ᠬᠠᠮᠲᠤᠷᠠᠭᠰᠠᠨ ᠲᠣᠭᠯᠠᠯᠲᠠ ᠶᠢᠨ ᠶᠠᠪᠤᠴᠠ ᠳᠤ ᠢᠯᠡᠷᠡᠵᠦ᠂ ᠰᠦᠷ ᠵᠢᠪᠬᠤᠯᠠᠩᠲᠤ ᠴᠡᠷᠢᠭ ᠤᠨ ᠳᠠᠭᠤᠤ ᠬᠠᠩᠭᠢᠨᠠᠬᠤ ᠦᠶ᠎ᠡ ᠳᠤ᠂ ᠳᠠᠭᠤᠴᠢᠨ ᠢᠳᠡᠷᠡᠭᠦᠨ ᠳᠣᠷᠪᠢᠲᠠᠢ ᠬᠤᠭᠤᠯᠠᠢ ᠪᠠᠷ ᠴᠡᠷᠢᠭ ᠤᠨ ᠬᠥᠮᠦᠨ ᠤ ᠡᠷᠡᠯᠬᠡᠭ ᠪᠠᠭᠠᠲᠤᠷᠯᠢᠭ ᠪᠠ ᠦᠨᠡᠨᠴᠢ ᠰᠢᠳᠤᠷᠭᠤ ᠬᠠᠷᠢᠭᠤᠴᠠᠯᠭ᠎ᠠ ᠡᠭᠦᠷᠭᠡᠯᠡᠯ ᠢ ᠳᠠᠭᠤᠯᠠᠪᠠ᠃ ᠴᠡᠷᠢᠭ ᠤᠨ ᠳᠠᠭᠤᠤ ᠴᠡᠷᠢᠭ ᠤᠨ ᠠᠯᠪᠠᠨ ᠠᠴᠠ ᠬᠠᠯᠠᠭᠳᠠᠭᠰᠠᠳ ᠤᠨ ᠴᠡᠷᠢᠭ ᠤᠨ ᠪᠠᠷᠢᠭᠠᠳᠠ ᠶᠢᠨ ᠡᠷᠭᠢᠴᠡᠭᠦᠯᠦᠯ ᠢ ᠨᠠᠷᠢᠨ ᠨᠢᠭᠲᠠ ᠳᠠᠭᠤᠳᠠᠭᠰᠠᠨ ᠢᠶᠠᠷ ᠪᠠᠷᠠᠬᠤ ᠦᠭᠡᠢ᠂ ᠪᠠᠰᠠ ᠲᠤᠬᠠᠢ ᠶᠢᠨ ᠲᠠᠯᠠᠪᠠᠢ ᠶᠢᠨ ᠦᠵᠡᠭᠴᠢᠳ ᠨᠢᠭᠡᠪᠦᠷᠢ ᠶᠢ ᠭᠦᠨ ᠨᠥᠯᠥᠭᠡᠯᠡᠵᠦ᠂ ᠠᠷᠠᠳ ᠤᠨ ᠴᠡᠷᠢᠭ ᠠᠩᠭᠢ ᠶᠢ ᠬᠦᠨᠳᠦᠳᠬᠡᠨ ᠪᠢᠰᠢᠷᠡᠬᠦ ᠪᠠ ᠡᠩᠬᠡ ᠲᠠᠶᠢᠪᠤᠩ ᠠᠮᠢᠳᠤᠷᠠᠯ ᠢ ᠨᠠᠨᠳᠢᠩᠨᠠᠨ ᠦᠵᠡᠬᠦ ᠶᠢ ᠳᠠᠭᠤᠤ ᠶᠢᠨ ᠠᠶᠠᠰ ᠢᠶᠠᠷ ᠳᠠᠮᠵᠢᠭᠤᠯᠪᠠ᠃    ︽ᠨᠠᠢᠮᠠᠨ ᠰᠠᠷ᠎ᠠ ᠶᠢᠨ ᠨᠢᠭᠡᠨ ᠤ ᠴᠡᠷᠢᠭ ᠪᠠᠶᠢᠭᠤᠯᠤᠭᠳᠠᠭᠰᠠᠨ ᠪᠠᠶᠠᠷ ᠢ ᠤᠭᠲᠤᠬᠤ ᠶᠢᠨ ᠲᠥᠯᠥᠭᠡ᠂ ᠮᠠᠨ ᠤ ᠨᠡᠶᠢᠭᠡᠮ ᠲᠣᠭᠤᠷᠢᠭ ᠢᠩᠭᠢᠵᠦ ᠨᠢᠭᠡ ᠤᠳᠠᠭ᠎ᠠ ᠳᠡᠯᠭᠡᠨ ᠦᠵᠡᠭᠦᠯᠵᠦ ᠬᠠᠷᠢᠯᠴᠠᠨ ᠬᠥᠳᠡᠯᠦᠯᠴᠡᠬᠦ ᠪᠠᠷ ᠳᠠᠮᠵᠢᠨ᠂ ᠨᠡᠩ ᠣᠯᠠᠨ ᠰᠠᠭᠤᠭᠠᠯᠢ ᠠᠷᠠᠳ ᠲᠤ ᠮᠠᠨ ᠤ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ ᠤᠨ ᠦᠢᠯᠡᠰ ᠢ ᠣᠶᠢᠯᠠᠭᠠᠭᠤᠯᠵᠤ᠂ ᠮᠠᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠠᠶᠢᠷ᠎ᠠ ᠰᠡᠳᠬᠢᠯᠭᠡ ᠶᠢ ᠨᠡᠮᠡᠭᠳᠡᠭᠦᠯᠬᠦ ᠶᠢᠨ ᠬᠠᠮᠲᠤ ᠡᠨᠡ ᠬᠦ ᠠᠵᠠ ᠲᠣᠬᠢᠶᠠᠯ ᠢᠶᠠᠷ ᠳᠠᠮᠵᠢᠭᠤᠯᠤᠨ᠂ ᠮᠠᠨ ᠤ ᠰᠠᠭᠤᠭᠠᠯᠢ ᠠᠷᠠᠳ ᠢ ᠬᠤᠭᠤᠷᠣᠨᠳᠣ ᠨᠡᠩ ᠣᠯᠠᠨ ᠰᠣᠯᠢᠯᠴᠠᠭ᠎ᠠ ᠪᠠ ᠦᠢᠯᠡᠳᠦᠯᠴᠡᠯ ᠲᠠᠢ ᠪᠣᠯᠭᠠᠵᠤ᠂ ᠨᠡᠩ ᠡᠶ᠎ᠡ ᠵᠣᠬᠢᠴᠠᠩᠭᠤᠢ ᠲᠣᠭᠲᠠᠭᠤᠨ ᠨᠡᠶᠢᠭᠡᠮ ᠲᠣᠭᠤᠷᠢᠭ ᠤᠨ ᠣᠷᠴᠢᠨ ᠲᠣᠭᠤᠷᠢᠨ ᠢ ᠪᠠᠶᠢᠭᠤᠯᠤᠨ᠎ᠠ︾ ᠬᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠴᠢᠨᠳᠠᠮᠤᠨᠢ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠪᠤᠤ ᠳ᠋ᠠᠢ ᠴᠢᠨ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号