ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2024 ᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/1
    ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ 2024 ᠣᠨ ᠤ ᠲᠠᠷᠢᠶᠠᠯᠠᠩ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠭᠤᠣᠯᠳᠠᠯᠭ᠎ᠠ ᠲᠠᠢ ᠠᠵᠢᠯ ᠤᠨ ᠪᠣᠯᠪᠠᠰᠤᠷᠠᠭᠤᠯᠤᠯ ᠤᠨ ᠬᠤᠷᠠᠯ ᠬᠤᠷᠠᠯᠳᠤᠭᠤᠯᠵᠤ᠂ ᠬᠤᠷᠠᠯ ᠢ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠡᠳ᠋ ᠳᠠᠷᠤᠭ᠎ᠠ ᠦ᠋ ᠭᠦᠸᠧ ᠱᠧᠩ ᠨᠥᠬᠦᠷ ᠡᠷᠬᠢᠯᠡᠵᠦ᠂ 12 ᠰᠤᠮᠤ ᠪᠠᠯᠭᠠᠰᠤᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂ ᠬᠢᠨᠠᠨ ᠬᠠᠮᠢᠶᠠᠷᠤᠭᠴᠢ᠂ ᠬᠡᠰᠡᠭ ᠲᠠᠷᠢᠵᠤ ᠲᠡᠵᠢᠭᠡᠨ ᠦᠷᠡᠵᠢᠭᠦᠯᠬᠦ ᠲᠥᠯᠥᠭᠡᠯᠡᠭᠴᠢ ᠲᠤᠰ ᠤᠳᠠᠭᠠᠨ ᠤ ᠪᠣᠯᠪᠠᠰᠤᠷᠠᠭᠤᠯᠤᠯ ᠳᠤ ᠣᠷᠣᠯᠴᠠᠪᠠ᠃    ᠬᠤᠷᠠᠯ ᠠᠴᠠ ᠱᠠᠭᠠᠷᠳᠠᠭᠰᠠᠨ ᠨᠢ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠤᠷᠴᠢᠯᠠᠭᠰᠠᠨ ᠬᠢᠨᠠᠯᠲᠠ ᠬᠠᠮᠢᠶᠠᠷᠤᠯᠲᠠ ᠶᠢᠨ ᠠᠵᠢᠯ ᠢ ᠴᠢᠩᠭᠠᠳᠬᠠᠵᠤ᠂ ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢᠨ ᠰᠠᠭᠤᠷᠢ ᠲᠤᠭ᠎ᠠ ᠶᠢ ᠲᠣᠳᠣᠷᠬᠠᠢ ᠣᠶᠢᠯᠠᠭᠠᠵᠤ᠂ ᠰᠤᠮᠤ ᠪᠠᠯᠭᠠᠰᠤ ᠶᠢ ᠬᠠᠷᠢᠶ᠎ᠠ ᠣᠷᠣᠨ ᠤ ᠪᠠᠨ ᠦᠢᠯᠡᠳᠪᠦᠷᠢᠯᠡᠯ ᠡᠵᠡᠩᠨᠡᠯᠲᠡ ᠶᠢᠨ ᠭᠤᠣᠯ ᠴᠣᠭᠴᠠ ᠶᠢ ᠵᠢᠯ ᠪᠦᠷᠢ ᠠᠳᠠᠭ ᠳᠠᠭᠠᠨ ᠬᠤᠶᠠᠷ ᠤᠳᠠᠭ᠎ᠠ ᠲᠣᠭᠤᠷᠢᠨ ᠪᠠᠶᠢᠴᠠᠭᠠᠵᠤ᠂ ᠲᠣᠭᠤᠷᠢᠨ ᠪᠠᠶᠢᠴᠠᠭᠠᠭᠰᠠᠨ ᠪᠠᠶᠢᠳᠠᠯ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠲᠤᠮᠤ ᠳ᠋ᠠᠶᠢᠲ᠋ᠠ ᠶᠢᠨ ᠣᠶᠤᠨᠴᠢ ᠬᠢᠨᠠᠯᠲᠠ ᠬᠠᠮᠢᠶᠠᠷᠤᠯᠲᠠ ᠬᠢᠭᠡᠳ ᠦᠢᠯᠡᠴᠢᠯᠡᠭᠡᠨ ᠤ ᠲᠠᠪᠴᠠᠩ︾ ᠳᠤ ᠴᠠᠭ ᠲᠤᠬᠠᠢ ᠳᠤᠨᠢ ᠳᠠᠮᠵᠢᠭᠤᠯᠵᠤ᠂ ᠦᠢᠯᠡᠳᠪᠦᠷᠢᠯᠡᠵᠦ ᠡᠵᠡᠩᠨᠡᠭᠴᠢ ᠶᠢᠨ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠳᠡᠭᠡᠭᠰᠢᠯᠡᠭᠦᠯᠬᠦ ᠬᠡᠷᠡᠭᠲᠡᠢ᠃    ᠬᠤᠷᠠᠯ ᠠᠴᠠ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠢ ᠰᠢᠯᠭᠠᠨ ᠪᠠᠶᠢᠴᠠᠭᠠᠵᠤ ᠰᠢᠯᠭᠠᠨ ᠬᠡᠮᠵᠢᠬᠦ ᠠᠵᠢᠯ ᠢ ᠰᠠᠶᠢᠲᠤᠷ ᠬᠢᠵᠦ᠂ ᠣᠳᠣᠬᠢ ᠱᠠᠲᠤ ᠦᠶ᠎ᠡ ᠪᠣᠯ ᠮᠠᠨ ᠤ ᠬᠤᠰᠢᠭᠤᠨ ᠤ ᠲᠠᠷᠢᠶᠠᠯᠠᠩ ᠤᠨ ᠪᠦᠲᠦᠭᠡᠭᠳᠡᠬᠦᠨ ᠢ ᠲᠥᠪᠯᠡᠷᠡᠭᠦᠯᠦᠨ ᠵᠠᠬ᠎ᠠ ᠳᠡᠯᠭᠡᠭᠦᠷ ᠲᠤ ᠭᠠᠷᠭᠠᠬᠤ ᠬᠤᠭᠤᠴᠠᠭ᠎ᠠ ᠪᠣᠯᠤᠨ᠎ᠠ᠂ ᠪᠠᠰᠠ ᠴᠤ ᠦᠢᠯᠡᠳᠪᠦᠷᠢᠯᠡᠯ ᠤᠨ ᠰᠠᠭᠤᠷᠢᠨ ᠭᠠᠵᠠᠷ᠂ ᠦᠷ᠎ᠡ ᠶᠢᠨ ᠦᠢᠯᠡᠰ ᠤᠨ ᠲᠣᠮᠣ ᠡᠷᠦᠬᠡ ᠶᠢ ᠬᠢᠨᠠᠨ ᠬᠠᠮᠢᠶᠠᠷᠴᠤ ᠰᠢᠯᠭᠠᠨ ᠬᠡᠮᠵᠢᠬᠦ ᠶᠢ ᠴᠢᠩᠭᠠᠳᠬᠠᠬᠤ ᠴᠢᠬᠤᠯᠠ ᠴᠠᠭ ᠬᠤᠭᠤᠴᠠᠭ᠎ᠠ ᠪᠣᠯᠤᠨ᠎ᠠ᠂ ᠮᠥᠨ ᠴᠦ ᠰᠢᠯᠭᠠᠨ ᠪᠠᠶᠢᠴᠠᠭᠠᠬᠤ ᠡᠭᠦᠷᠭᠡ ᠶᠢ ᠪᠡᠶᠡᠯᠡᠭᠦᠯᠬᠦ ᠶᠢ ᠪᠠᠲᠤᠯᠠᠬᠤ ᠴᠢᠬᠤᠯᠠ ᠱᠠᠲᠤ ᠦᠶ᠎ᠡ ᠪᠣᠯᠤᠨ᠎ᠠ᠂ ᠡᠯ᠎ᠡ ᠰᠤᠮᠤ ᠪᠠᠯᠭᠠᠰᠤᠨ ᠤ ᠲᠦᠷᠭᠡᠨ ᠬᠡᠮᠵᠢᠬᠦ ᠠᠵᠢᠯ ᠢ ᠬᠠᠮᠢᠶᠠᠷᠬᠤ ᠬᠥᠮᠦᠨ ᠲᠠᠢ᠂ ᠲᠡᠮᠳᠡᠭᠯᠡᠯ ᠲᠠᠢ᠂ ᠳᠦᠷᠢᠮ ᠲᠠᠢ ᠪᠠᠶᠢᠬᠤ ᠶᠢ ᠱᠠᠭᠠᠷᠳᠠᠵᠤ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠢ ᠳᠤᠨᠢ ᠳᠡᠭᠡᠭᠰᠢ ᠮᠡᠳᠡᠭᠦᠯᠵᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号