ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠶᠢᠨ ᠯᠦᠩ ᠨᠡᠷ ᠪᠠᠶᠠᠨᠨᠠᠭᠤᠷ ᠰᠤᠮᠤ ᠳᠤ ᠬᠦᠷᠴᠦ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/8/1
   7 ᠰᠠᠷ᠎ᠠ ᠶᠢᠨ 31 ᠤ ᠡᠳᠦᠷ ᠤᠨ ᠦᠳᠡ ᠶᠢᠨ ᠡᠮᠦᠨ᠎ᠡ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠼᠦᠢ ᠶᠢᠨ ᠯᠦᠩ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠶᠢᠨ ᠳᠠᠷᠤᠭ᠎ᠠ ᠵᠣᠣ ᠶᠦᠨ ᠫᠧᠩ᠂ ᠬᠤᠰᠢᠭᠤᠨ ᠤ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠡᠤ ᠶᠥᠩ ᠱᠧᠩ ᠪᠠᠶᠠᠨᠨᠠᠭᠤᠷ ᠰᠤᠮᠤᠨ ᠳᠤ ᠭᠦᠨᠵᠡᠭᠡᠶᠢᠷᠡᠨ ᠦᠶᠡᠷ ᠢ ᠰᠡᠷᠭᠡᠶᠢᠯᠡᠵᠦ ᠭᠠᠮᠰᠢᠭ ᠢ ᠪᠠᠭᠠᠰᠬᠠᠬᠤ ᠠᠵᠢᠯ ᠢ ᠪᠠᠶᠢᠴᠠᠭᠠᠨ ᠵᠢᠯᠣᠭᠤᠳᠪᠠ᠃ ᠰᠤᠮᠤᠨ ᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ᠂ ᠨᠠᠮ ᠤᠨ ᠬᠤᠷᠢᠶᠠᠨ ᠤ ᠳᠡᠳ᠋ ᠱᠦᠵᠢ᠂ ᠰᠤᠮᠤᠨ ᠳᠠᠷᠤᠭ᠎ᠠ ᠪᠦᠦ ᠴᠧᠩ ᠪᠠᠷ᠎ᠠ ᠪᠣᠯᠪᠠ᠃    ᠼᠦᠢ ᠶᠢᠨ ᠯᠦᠩ ᠨᠡᠷ ᠪᠠᠶᠠᠨᠨᠠᠭᠤᠷ ᠰᠤᠮᠤ ᠶᠢᠨ ᠬᠢᠯᠢ ᠳᠣᠲᠣᠷᠠᠬᠢ ᠤᠰᠤᠨ ᠰᠤᠪᠠᠭ᠂ ᠬᠥᠭᠦᠷᠭᠡ᠂ ᠴᠠᠭᠠᠨᠨᠠᠭᠤᠷ ᠵᠡᠷᠭᠡ ᠭᠠᠵᠠᠷ ᠤᠨ ᠭᠠᠮᠰᠢᠭ ᠤᠨ ᠭᠡᠮ ᠰᠣᠭᠤᠭ ᠤᠨ ᠭᠠᠵᠠᠷ ᠤᠨ ᠡᠷᠭᠢᠨ ᠲᠣᠭᠤᠷᠢᠨ ᠤ ᠭᠠᠵᠠᠷ ᠤᠨ ᠪᠠᠶᠢᠴᠠ ᠶᠢᠨ ᠣᠷᠴᠢᠨ ᠲᠣᠭᠤᠷᠢᠨ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠬᠥᠮᠦᠰ ᠤᠨ ᠰᠡᠷᠭᠡᠶᠢᠯᠡᠬᠦ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠪᠡᠯᠡᠳᠬᠡᠯ ᠲᠥᠰᠦᠯ ᠲᠣᠭᠲᠠᠭᠠᠬᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠵᠡᠷᠭᠡ ᠬᠤᠯᠪᠣᠭᠳᠠᠯ ᠪᠦᠬᠦᠢ ᠪᠠᠶᠢᠳᠠᠯ ᠢ ᠣᠶᠢᠯᠠᠭᠠᠪᠠ᠃    ᠪᠠᠶᠢᠴᠠᠭᠠᠨ ᠵᠢᠯᠣᠭᠤᠳᠬᠤ ᠳᠤᠮᠳᠠ ᠪᠠᠨ ᠴᠢᠬᠤᠯᠠᠴᠢᠯᠠᠭᠰᠠᠨ ᠨᠢ᠂ ᠰᠤᠮᠤ ᠳᠡᠭᠡᠳᠦ ᠳᠣᠣᠷᠠᠳᠤ ᠱᠠᠲᠤᠨ ᠤ ᠬᠢᠨ ᠬᠤᠰᠢᠭᠤᠨ ᠤ ᠨᠠᠮ ᠤᠨ ᠬᠤᠷᠢ᠊ ᠡᠶ᠎ᠡ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠦᠶᠡᠷ ᠢ ᠰᠡᠷᠭᠡᠶᠢᠯᠡᠵᠦ ᠦᠶᠡᠷ ᠢ ᠥᠩᠭᠡᠷᠡᠭᠦᠯᠬᠦ ᠡᠯ᠎ᠡ ᠵᠦᠢᠯ ᠤᠨ ᠠᠵᠢᠯ ᠢ ᠴᠢᠩᠭ᠎ᠠ ᠪᠣᠳᠠᠲᠠᠢ ᠨᠠᠷᠢᠯᠢᠭ ᠰᠠᠶᠢᠲᠤᠷ ᠠᠳᠬᠤᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ᠃ ᠦᠶᠡᠷ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭᠠᠨ ᠳᠤ᠂ ᠰᠤᠮᠤ᠂ ᠭᠠᠴᠠᠭᠠᠨ ᠤ ᠱᠠᠲᠤᠨ ᠤ ᠺᠠᠳ᠋ᠷ ᠠᠵᠢᠯᠲᠠᠨ ᠠᠵᠢᠯᠴᠢᠨ᠂ ᠬᠤᠶᠠᠷ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠬᠢ ᠲᠣᠯᠣᠭᠠᠢ ᠪᠠᠨ ᠢᠮᠠᠭᠲᠠ ᠰᠡᠷᠭᠡᠭ ᠪᠠᠶᠢᠯᠭᠠᠵᠤ᠂ ᠦᠶᠡᠷ ᠢ ᠰᠡᠷᠭᠡᠶᠢᠯᠡᠬᠦ᠂ ᠶᠡᠭᠡ ᠠᠶᠤᠯ ᠢ ᠵᠠᠪᠳᠤᠬᠤ᠂ ᠶᠡᠭᠡ ᠭᠠᠮᠰᠢᠭ ᠠᠴᠠ ᠠᠪᠤᠷᠠᠬᠤ ᠪᠡᠯᠡᠳᠬᠡᠯ ᠳᠤ ᠰᠠᠭᠤᠷᠢᠯᠠᠵᠤ᠂ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠭᠠᠵᠠᠷ ᠤᠨ ᠭᠠᠮᠰᠢᠭ ᠤᠨ ᠳᠠᠯᠳᠠ ᠭᠡᠮ ᠤᠨ ᠴᠡᠭ᠂ ᠵᠠᠮ ᠬᠠᠷᠢᠯᠴᠠᠭᠠᠨ ᠤ ᠲᠥᠬᠦᠭᠡᠷᠦᠮᠵᠢ᠂ ᠨᠠᠭᠤᠷ ᠴᠥᠭᠦᠷᠥᠮ ᠭᠤᠣᠯ ᠤᠨ ᠵᠠᠮ ᠤᠨ ᠯᠠᠭ ᠬᠠᠰᠢᠯᠭ᠎ᠠ᠂ ᠥᠪᠡᠷ ᠢᠶᠠᠨ ᠪᠠᠷᠢᠭᠰᠠᠨ ᠭᠡᠷ᠂ ᠲᠠᠷᠢᠶᠠᠯᠠᠩ ᠤᠨ ᠲᠥᠬᠦᠭᠡᠷᠦᠮᠵᠢ᠂ ᠲᠦᠷ ᠴᠠᠭ ᠤᠨ ᠠᠵᠢᠯᠴᠢᠨ ᠤ ᠫᠧᠩ ᠵᠡᠷᠭᠡ ᠭᠤᠣᠯᠳᠠᠯᠭ᠎ᠠ ᠲᠠᠢ ᠣᠷᠣᠨ ᠪᠦᠰᠡ ᠳᠤ ᠨᠡᠶᠢᠳᠡᠮ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠰᠠᠶᠢᠲᠤᠷ ᠠᠳᠬᠤᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠵᠠᠶᠢᠯᠠᠬᠤ ᠶᠢ ᠰᠠᠶᠢᠲᠤᠷ ᠠᠳᠬᠤᠵᠤ᠂ ᠠᠶᠤᠯ ᠠᠴᠠ ᠵᠠᠶᠢᠯᠠᠭᠤᠯᠬᠤ ᠴᠢᠬᠤᠯᠠᠲᠠᠢ ᠣᠯᠠᠨ ᠲᠦᠮᠡᠨ ᠢ ᠡᠷᠡᠰ ᠰᠢᠭᠤᠷᠬᠠᠢ ᠪᠠᠷ ᠵᠠᠶᠢᠯᠠᠭᠤᠯᠵᠤ᠂ ᠠᠮᠤᠷ ᠲᠦᠪᠰᠢᠨ ᠢᠶᠠᠷ ᠵᠠᠶᠢᠯᠠᠭᠤᠯᠬᠤ ᠶᠢᠨ ᠬᠠᠮᠲᠤ ᠲᠣᠬᠢᠲᠠᠢ ᠲᠥᠪᠬᠢᠨᠡᠭᠦᠯᠬᠦ ᠬᠡᠷᠡᠭᠲᠡᠢ︔ ᠪᠣᠷᠣᠭᠠᠨ ᠤ ᠪᠠᠶᠢᠳᠠᠯ᠂ ᠦᠶᠡᠷ ᠤᠨ ᠪᠠᠶᠢᠳᠠᠯ᠂ ᠲᠦᠭᠰᠢᠭᠦᠷᠢᠲᠦ ᠪᠠᠶᠢᠳᠠᠯ ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ᠂ ᠵᠠᠳᠠᠯᠤᠨ ᠰᠤᠳᠤᠯᠵᠤ ᠮᠠᠭᠠᠳᠯᠠᠬᠤ ᠶᠢ ᠴᠢᠩᠭᠠᠳᠬᠠᠵᠤ᠂ 24 ᠴᠠᠭ ᠢᠶᠠᠷ ᠵᠢᠵᠢᠭᠦᠷᠯᠡᠬᠦ᠂ ᠤᠳᠤᠷᠢᠳᠤᠯᠭ᠎ᠠ ᠡᠭᠡᠯᠵᠢ ᠳᠠᠭᠠᠭᠤᠯᠬᠤ ᠪᠠ ᠦᠶᠡᠷ ᠤᠨ ᠬᠤᠭᠤᠴᠠᠭ᠎ᠠ ᠶᠢ ᠲᠣᠭᠤᠷᠢᠨ ᠪᠠᠶᠢᠴᠠᠭᠠᠵᠤ ᠰᠡᠷᠭᠡᠶᠢᠯᠡᠨ ᠬᠠᠮᠠᠭᠠᠯᠠᠬᠤ ᠵᠡᠷᠭᠡ ᠳᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠦᠶᠡᠷ ᠢ ᠠᠮᠤᠷ ᠲᠦᠪᠰᠢᠨ ᠢᠶᠠᠷ ᠥᠩᠭᠡᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号