ᠮᠠᠨ ᠤ ᠤᠷᠤᠨ ᠤ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠰᠢᠰᠲ᠋ᠧᠮ ᠦᠷ᠎ᠠ ᠪᠦᠳᠦᠮᠵᠢ ᠪᠠᠷ ᠲᠤᠪᠤᠶᠢᠮ᠎ᠡ ᠪᠤᠯᠵᠠᠢ
ᠨᠡᠶᠢᠲᠡᠯᠡᠭᠰᠡᠨ ᠴᠠᠭ᠄
2024/8/1
    ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠢᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠣᠷᠣᠨ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ ᠶᠢ ︽ᠨᠢᠭᠡ ᠯᠡ ᠤᠳᠠᠭ᠎ᠠ ᠳᠤ ᠭᠦᠢᠴᠡᠳᠭᠡᠬᠦ︾᠂ ᠳᠠᠩᠰᠠᠯᠠᠯᠲᠠ ᠶᠢᠨ ᠮᠡᠳᠡᠭᠡ ᠵᠠᠩᠬᠢ ᠪᠠᠨ ᠬᠦᠴᠦᠨ ᠦᠭᠡᠢ ᠪᠤᠯᠭᠠᠬᠤ ᠶᠢ ︽ᠨᠢᠭᠡ ᠰᠦᠯᠵᠢᠶ᠎ᠡ ᠪᠠᠷ ᠭᠦᠢᠴᠡᠳᠭᠡᠬᠦ︾᠂ ᠢᠳᠡᠭᠡᠨ ᠤᠮᠳᠠᠭᠠᠨ ᠤ ᠳᠡᠯᠭᠡᠭᠦᠷ ᠡᠷᠭᠢᠯᠡᠬᠦ ᠶᠢ ︽ᠨᠢᠭᠡ ᠴᠣᠭᠴᠠᠵᠢᠭᠤᠯᠤᠨ ᠭᠦᠢᠴᠡᠳᠭᠡᠬᠦ︾ ᠶᠢ ᠪᠠᠭᠲᠠᠭᠠᠭᠰᠠᠨ ᠭᠤᠷᠪᠠᠨ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠥᠭᠡᠷᠡᠴᠢᠯᠡᠯᠲᠡ ᠶᠢᠨ ᠡᠭᠦᠷᠭᠡ ᠶᠢ ᠨᠢᠭᠡᠨᠲᠡ ᠪᠡᠶᠡᠯᠡᠭᠦᠯᠪᠡ᠃    ᠠᠵᠤ ᠠᠬᠤᠶᠢᠯᠠᠯ ᠤᠨ ᠨᠡᠷᠡᠶᠢᠳᠦᠯ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠵᠡᠷᠭᠡ ᠮᠡᠳᠡᠭᠡ ᠵᠠᠩᠭᠢ ᠪᠠᠨ ᠬᠤᠪᠢᠷᠠᠭᠤᠯᠬᠤ ᠪᠠᠷ ᠭᠤᠶᠤᠴᠢᠯᠠᠬᠤ ᠳᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ᠂ ᠲᠠᠩᠰᠠ ᠪᠠᠶᠢᠭᠤᠯᠤᠭᠰᠠᠨ ᠪᠠᠩᠬᠢ᠂ ᠭᠠᠶᠢᠯᠢ ᠶᠢᠨ ᠶᠠᠪᠤᠳᠠᠯ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ᠂ ᠣᠷᠣᠨ ᠰᠠᠭᠤᠴᠠ ᠪᠠ ᠬᠤᠲᠠ ᠬᠥᠳᠡᠭᠡ ᠢᠢᠨ ᠪᠥᠲᠥᠭᠡᠨ ᠪᠠᠶᠢᠭᠤᠯᠤᠯᠲᠠ ᠵᠡᠷᠭᠡ ᠨᠢᠭᠡᠴᠢ ᠳᠤ ᠲᠣᠰ ᠲᠣᠰ ᠭᠤᠶᠤᠴᠢᠯᠠᠯ ᠳᠡᠪᠰᠢᠭᠦᠯᠬᠦ ᠴᠢᠬᠤᠯᠠᠲᠠᠶ ᠪᠠᠶᠢᠵᠤ᠂ ᠡᠯ᠎ᠡ ᠨᠢᠭᠡᠴᠢ ᠶᠢᠨ ᠮᠠᠲ᠋ᠧᠷᠢᠶᠠᠯ ᠤᠨ ᠱᠠᠭᠠᠷᠳᠠᠯᠭ᠎ᠠ᠂ ᠬᠢᠨᠠᠨ ᠬᠠᠷᠭᠤᠭᠤᠯᠬᠤ ᠶᠠᠪᠤᠴᠠ᠂ ᠭᠦᠢᠴᠡᠳᠭᠡᠬᠦ ᠴᠠᠭ ᠤᠨ ᠬᠢᠵᠠᠭᠠᠷ ᠨᠢ ᠲᠣᠰ ᠲᠣᠰ ᠠᠳᠠᠯᠢ ᠥᠬᠡᠶ ᠵᠡᠷᠭᠡ ᠠᠰᠠᠭᠤᠳᠠᠯ ᠳᠤ ᠵᠤᠷᠢᠭᠤᠯᠵᠤ᠂ ᠦᠪᠡᠷᠲᠡᠭᠡᠨ ᠵᠠᠰᠠᠬᠤ ᠤᠷᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠡ ᠵᠡᠷᠭᠡ ᠵᠢᠰᠦᠨ ᠰᠠᠯᠠᠭ᠎ᠠ ᠮᠥᠴᠢᠷ 5 ᠰᠠᠷ᠎ᠠ ᠶᠢᠨ 20 ᠤ ᠡᠳᠦᠷ ︽ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠭᠦᠢᠴᠡᠳᠭᠡᠬᠦ︾ ᠰᠢᠰᠲ᠋ᠧᠮ ᠢ ᠠᠰᠢᠭᠯᠠᠯᠳᠠ ᠳᠤ ᠤᠷᠤᠭᠤᠯᠪᠠ᠃ ᠲᠤᠰ ᠰᠢᠰᠲᠤᠮ ᠠᠰᠢᠭᠯᠠᠯᠲᠠ ᠳᠤ ᠤᠷᠤᠭᠰᠠᠨ ᠤ ᠳᠠᠷᠠᠭ᠎ᠠ᠂ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ᠂ ᠳᠠᠩᠰᠠᠯᠠᠯᠲᠠ ᠶᠢᠨ ᠮᠡᠳᠡᠭᠡ ᠵᠠᠩᠬᠢ ᠪᠠᠨ ᠬᠦᠴᠦᠨ ᠦᠭᠡᠢ ᠪᠤᠯᠭᠠᠬᠤ ᠭᠦᠢᠴᠡᠳᠭᠡᠬᠦ ᠴᠠᠭ ᠤᠨ ᠬᠢᠵᠠᠭᠠᠷ ᠢ ᠲᠣᠰ ᠲᠣᠰ ᠤᠤᠯ ᠤᠨ 6 ᠠᠵᠢᠯᠯᠠᠬᠤ ᠡᠳᠦᠷ᠂ 15 ᠠᠵᠢᠯᠯᠠᠬᠤ ᠡᠳᠦᠷ ᠪᠠᠶᠢᠭᠰᠠᠨ ᠠᠴᠠ 1 ᠠᠵᠢᠯᠯᠠᠬᠤ ᠡᠳᠦᠷ᠂ 12 ᠠᠵᠢᠯᠯᠠᠬᠤ ᠡᠳᠦᠷ ᠪᠣᠯᠲᠠᠯ᠎ᠠ ᠪᠣᠭᠤᠨᠢᠰᠬᠠᠪᠠ᠃ 6 ᠰᠠᠷ᠎ᠠ ᠶᠢᠨ 26 ᠤ ᠡᠳᠦᠷ ᠪᠣᠯᠲᠠᠯᠠᠬᠢ ᠰᠠᠷ᠎ᠠ ᠭᠠᠷᠤᠢ ᠢᠢᠨ ᠬᠤᠭᠤᠴᠠᠭᠠᠨ ᠳᠤ ᠲᠤᠰ ᠰᠢᠰᠲ᠋ᠧᠮ ᠢᠶᠠᠷ ᠳᠠᠮᠵᠢᠨ ᠠᠵᠤ ᠠᠬᠤᠶᠢᠯᠠᠯ ᠤᠨ ᠮᠡᠳᠡᠭᠡ ᠵᠠᠩᠭᠢ ᠪᠠᠨ ᠬᠤᠪᠢᠷᠠᠭᠤᠯᠬᠤ ᠠᠵᠢᠯ ᠢ 5472 ᠬᠤᠪᠢ ᠭᠦᠢᠴᠡᠳᠭᠡᠵᠦ᠂ ᠠᠵᠤ ᠠᠬᠤᠶᠢᠯᠠᠯ ᠤᠨ ᠳᠠᠩᠰᠠᠯᠠᠯᠲᠠ ᠶᠢᠨ ᠮᠡᠳᠡᠭᠡ ᠵᠠᠩᠬᠢ ᠪᠠᠨ ᠬᠦᠴᠦᠨ ᠦᠭᠡᠢ ᠪᠤᠯᠭᠠᠬᠤ ᠠᠵᠢᠯ ᠢ 1457 ᠬᠤᠪᠢ ᠭᠦᠢᠴᠡᠳᠬᠡᠨ᠂ ᠢᠳᠡᠭᠡᠨ ᠤᠮᠳᠠᠭᠠᠨ ᠤ ᠳᠡᠯᠭᠡᠭᠦᠷ ᠡᠷᠭᠢᠯᠡᠬᠦ ᠠᠵᠢᠯ ᠢ 466 ᠬᠤᠪᠢ ᠭᠦᠢᠴᠡᠳᠭᠡᠵᠦ᠂ ᠥᠨᠳᠥᠷ ᠪᠦᠲᠦᠮᠵᠢᠲᠡᠶ ᠪᠠᠷ ᠨᠢᠭᠡ ᠶᠠᠪᠤᠳᠠᠯ ᠢ ᠰᠠᠶᠢᠳᠤᠷ ᠭᠦᠢᠴᠡᠳᠭᠡᠬᠦ ᠶᠢ ᠪᠦᠬᠦ ᠲᠠᠯ᠎ᠠ ᠪᠠᠷ ᠪᠡᠶᠡᠯᠡᠭᠦᠯᠦᠭᠰᠡᠨ ᠪᠠᠶᠢᠨ᠎ᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号