ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠪᠡᠭᠡᠵᠢᠩ ᠲᠢᠶᠠᠨᠵᠢᠨ ᠾᠧᠪᠧᠶ ᠳᠤ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠦᠰᠦᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2024/8/1
   ᠰᠤᠷᠪᠤᠯᠵᠢᠯᠠᠭᠴᠢ 29 ᠤ ᠡᠳᠦᠷ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ 29 ᠤ ᠡᠳᠦᠷ ᠠᠴᠠ 30 ᠤ ᠡᠳᠦᠷ ᠪᠣᠯᠲᠠᠯ᠎ᠠ᠂ ᠪᠡᠭᠡᠵᠢᠩ᠂ ᠲᠢᠶᠠᠨᠵᠢᠨ᠂ ᠾᠧᠪᠧᠶ ᠳᠤ ᠶᠡᠭᠡ ᠪᠣᠷᠣᠭᠠᠨ ᠪᠤᠶᠤ ᠰᠢᠷᠦᠭᠦᠨ ᠪᠤᠷᠤᠭᠠᠨ ᠤᠷᠤᠵᠤ᠂ ᠬᠡᠰᠡᠭ ᠭᠠᠵᠠᠷ ᠣᠷᠣᠨ ᠳᠤ ᠶᠡᠭᠡ ᠰᠢᠷᠦᠭᠦᠨ ᠪᠣᠷᠣᠭᠠᠨ ᠣᠷᠣᠵᠤ᠂ ᠪᠡᠭᠡᠵᠢᠩ ᠲᠢᠶᠠᠨᠵᠢᠨ ᠾᠧᠪᠧᠶ ᠶᠢᠨ ᠬᠡᠰᠡᠭ ᠭᠠᠵᠠᠷ ᠣᠷᠣᠨ ᠤ ᠦᠶᠡᠷ ᠤᠰᠤᠲᠤᠯ ᠤᠨ ᠭᠠᠮᠰᠢᠭ ᠤᠨ ᠠᠶᠤᠯ ᠲᠦᠭᠰᠢᠭᠦᠷᠢ ᠨᠡᠯᠢᠶᠡᠳ ᠶᠡᠭᠡ ᠪᠠᠶᠢᠨ᠎ᠠ᠃ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠶᠡᠷᠦᠩᠬᠡᠶ ᠵᠢᠯᠣᠭᠤᠳᠬᠤ ᠭᠠᠵᠠᠷ 29 ᠤ ᠡᠳᠦᠷ ᠤᠨ 17 ᠴᠠᠭ ᠲᠤ ᠪᠡᠭᠡᠵᠢᠩ ᠲᠢᠶᠠᠨᠵᠢᠨ ᠾᠤᠪᠸᠢ ᠳᠤ ᠬᠠᠨᠳᠤᠭᠤᠯᠤᠨ ᠦᠶᠡᠷ ᠢ ᠰᠡᠷᠭᠡᠶᠢᠯᠡᠬᠦ ᠳᠥᠷᠪᠡᠳᠦᠭᠡᠷ ᠳᠡᠰ ᠤᠨ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠡᠬᠢᠯᠡᠭᠦᠯᠪᠡ᠃   ᠣᠳᠣᠬᠠᠨ ᠳᠤ ᠮᠠᠨ ᠤ ᠤᠯᠤᠰ ᠤᠨ ᠡᠮᠦᠨᠡᠲᠦ ᠤᠮᠠᠷᠠᠲᠤ ᠶᠢᠨ ᠣᠯᠠᠨ ᠭᠠᠵᠠᠷ ᠰᠢᠷᠦᠭᠦᠨ ᠪᠣᠷᠣᠭᠠᠨ ᠦᠶᠡᠷ ᠤᠰᠤᠲᠤᠯ ᠤᠨ ᠭᠠᠮᠰᠢᠭ ᠲᠤ ᠳᠠᠭᠠᠷᠢᠭᠳᠠᠵᠤ᠂ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠤᠨ ᠪᠠᠶᠢᠳᠠᠯ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶᠢᠨ᠎ᠠ᠃ ᠴᠠᠭ ᠠᠭᠤᠷ ᠤᠨ ᠵᠢᠱᠢᠯᠲᠡ ᠶᠢ ᠦᠨᠳᠦᠰᠦᠯᠡᠪᠡᠯ᠂ ᠢᠷᠡᠬᠦ ᠭᠤᠷᠪᠠᠨ ᠡᠳᠦᠷ ᠲᠤ ᠡᠮᠦᠨᠡᠲᠦ ᠣᠷᠣᠨ ᠤ ᠡᠮᠦᠨᠡᠲᠦ ᠬᠡᠰᠡᠭ᠂ ᠶᠦᠨᠨᠠᠨ ᠭᠦᠢᠵᠧᠦ᠂ ᠬᠤᠨᠠᠨ ᠤ ᠪᠠᠷᠠᠭᠤᠨ ᠬᠤᠶᠢᠲᠤ ᠬᠡᠰᠡᠭ᠂ ᠴᠦᠩᠴᠢᠩ᠂ ᠱᠠᠨᠰᠢ ᠶᠢᠨ ᠵᠡᠭᠦᠨ ᠬᠡᠰᠡᠭ ᠵᠢᠴᠢ ᠤᠮᠠᠷᠠᠲᠤ ᠣᠷᠣᠨ᠂ ᠵᠡᠭᠦᠨ ᠬᠤᠶᠢᠲᠤ ᠣᠷᠣᠨ ᠵᠡᠷᠭᠡ ᠭᠠᠵᠠᠷ ᠲᠤ ᠮᠥᠨ ᠬᠦ ᠨᠡᠯᠢᠶᠡᠳ ᠶᠡᠭᠡ ᠪᠣᠷᠣᠭᠠᠨ ᠣᠷᠣᠨ᠎ᠠ᠃ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠶᠡᠷᠦᠩᠬᠡᠶ ᠵᠢᠯᠣᠭᠤᠳᠬᠤ ᠭᠠᠵᠠᠷ ᠤᠨ ᠠᠯᠪᠠᠨ ᠬᠡᠷ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ 29 ᠤ ᠡᠳᠦᠷ ᠴᠠᠭ ᠠᠭᠤᠷ᠂ ᠤᠰᠤᠨ ᠠᠰᠢᠭᠯᠠᠯᠲᠠ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠭᠰᠠᠨ ᠬᠤᠷᠠᠯ ᠬᠤᠷᠠᠯᠳᠤᠵᠤ᠂ ᠬᠤᠨᠠᠨ᠂ ᠯᠢᠶᠣᠤᠨᠢᠩ᠂ ᠭᠢᠷᠢᠨ᠂ ᠶᠦᠨᠨᠠᠨ ᠵᠡᠷᠭᠡ 9 ᠮᠤᠵᠢ ᠶᠢ ᠸᠢᠳᠢᠣ᠋ ᠪᠠᠷ ᠲᠤᠬᠢᠷᠠᠭᠤᠯᠤᠨ ᠵᠤᠬᠢᠴᠠᠭᠤᠯᠵᠤ᠂ ᠣᠳᠣᠬᠠᠨ ᠤ ᠪᠣᠷᠣᠭᠠᠨ ᠤ ᠪᠠᠶᠢᠳᠠᠯ ᠦᠶᠡᠷ ᠤᠨ ᠪᠠᠶᠢᠳᠠᠯ ᠭᠠᠮᠰᠢᠭ ᠤᠨ ᠪᠠᠶᠢᠳᠠᠯ ᠤᠨ ᠬᠥᠭᠵᠢᠯᠲᠡ ᠶᠢᠨ ᠪᠠᠶᠢᠳᠠᠯ ᠢ ᠰᠤᠳᠤᠯᠤᠨ ᠮᠠᠭᠠᠳᠯᠠᠵᠤ᠂ ᠭᠤᠤᠯᠳᠠᠯᠭ᠎ᠠ ᠲᠠᠢ ᠭᠠᠵᠠᠷ ᠣᠷᠣᠨ ᠤ ᠦᠶᠡᠷ ᠢ ᠰᠡᠷᠭᠡᠶᠢᠯᠡᠵᠦ ᠭᠠᠮᠰᠢᠭ ᠠᠴᠠ ᠠᠪᠤᠷᠬᠠᠤ ᠠᠵᠢᠯ ᠢ ᠤᠯᠠᠮ ᠨᠢᠭᠡ ᠠᠯᠬᠤᠮ ᠪᠠᠶᠢᠷᠢᠯᠠᠭᠤᠯᠪᠠ᠃   ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠤ ᠬᠤᠯᠪᠣᠭᠳᠠᠯ ᠪᠦᠬᠦᠢ ᠬᠠᠷᠢᠭᠤᠴᠠᠯᠭᠠᠲᠠᠨ ᠵᠥᠪᠳᠡᠯᠴᠡᠬᠦ ᠳᠤᠮᠳᠠ᠂ ᠡᠯ᠎ᠡ ᠱᠠᠲᠤᠨ ᠤ ᠵᠢᠯᠣᠭᠤᠳᠬᠤ ᠭᠠᠵᠠᠷ ᠤᠨ ᠬᠢᠨ ᠦᠷᠭᠦᠯᠵᠢᠯᠡᠨ ᠵᠥᠪᠳᠡᠯᠴᠡᠵᠦ ᠰᠤᠳᠤᠯᠤᠨ ᠮᠠᠭᠠᠳᠯᠠᠬᠤ ᠪᠠᠨ ᠴᠢᠩᠭᠠᠳᠬᠠᠵᠤ᠂ ᠰᠠᠪᠠ ᠭᠠᠵᠠᠷ ᠤᠨ ᠴᠢᠨᠠᠷᠲᠠᠢ ᠦᠶᠡᠷ ᠢ ᠣᠳᠣᠬᠠᠨ ᠤ ᠠᠵᠢᠯ ᠤᠨ ᠭᠤᠣᠯᠳᠠᠯᠭ᠎ᠠ ᠶᠢᠨ ᠲᠤᠳᠤᠷᠠᠬᠢ ᠭᠤᠣᠯᠳᠠᠯᠭ᠎ᠠ ᠪᠣᠯᠭᠠᠵᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠰᠠᠬᠢᠬᠤ ᠪᠠᠨ ᠴᠢᠩᠭᠠᠳᠬᠠᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠪᠠᠶᠢᠳᠠᠯ ᠢ ᠡᠷᠲᠡᠬᠡᠨ ᠰᠡᠷᠭᠡᠶᠢᠯᠡᠵᠤ᠂ ᠪᠠᠭ᠎ᠠ ᠠᠴᠠ ᠨᠢ ᠰᠡᠷᠭᠡᠶᠢᠯᠡᠵᠤ᠂ ᠰᠠᠶᠢᠳᠤᠷ ᠰᠡᠷᠭᠡᠶᠢᠯᠡᠬᠦ ᠶᠢ ᠪᠠᠲᠤᠯᠠᠬᠤ ᠬᠡᠷᠡᠭᠲᠡᠢ᠃ ᠳᠤᠮᠳᠠ ᠪᠠᠭ᠎ᠠ ᠭᠤᠣᠯ ᠮᠥᠷᠡᠨ ᠤ ᠦᠶᠡᠷ᠂ ᠳᠤᠮᠳᠠ ᠪᠠᠭ᠎ᠠ ᠤᠰᠤᠨ ᠴᠥᠭᠦᠷᠥᠮ ᠤᠨ ᠲᠦᠭᠰᠢᠭᠦᠷᠢ ᠡᠭᠦᠰᠬᠦ᠂ ᠠᠭᠤᠯᠠᠨ ᠦᠶᠡᠷ ᠪᠣᠯᠤᠨ ᠭᠠᠵᠠᠷ ᠤᠨ ᠭᠠᠮᠰᠢᠭ᠂ ᠬᠤᠳᠠ ᠬᠥᠳᠡᠭᠡ ᠶᠢᠨ ᠤᠰᠤᠲᠤᠯ ᠵᠡᠷᠭᠡ ᠪᠠᠭᠤᠷᠠᠢ ᠭᠤᠭᠴᠤᠭ᠎ᠠ ᠶᠢ ᠰᠡᠷᠭᠡᠶᠢᠯᠡᠨ ᠠᠷᠭᠠᠴᠠᠬᠤ ᠠᠵᠢᠯ ᠢ ᠡᠷᠡᠰ ᠰᠠᠶᠢᠲᠤᠷ ᠬᠢᠵᠦ᠂ ᠭᠠᠮᠰᠢᠭ ᠤᠨ ᠡᠮᠦᠨᠡᠬᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠨᠠᠶᠢᠳᠠᠪᠤᠷᠢᠵᠢᠭᠤᠯᠵᠤ᠂ ᠤᠷᠢᠳᠴᠢᠯᠠᠨ ᠵᠢᠱᠢᠵᠦ ᠤᠷᠢᠳᠴᠢᠯᠠᠨ ᠮᠡᠳᠡᠭᠡᠯᠡᠬᠦ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠮᠡᠳᠡᠭᠡ ᠵᠠᠩᠭᠢ ᠶᠢ ᠲᠡᠭᠦᠯᠳᠡᠷᠵᠢᠭᠦᠯᠦᠨ᠂ ᠤᠯᠠᠨ ᠲᠦᠮᠡᠨ ᠳᠤ ᠮᠡᠳᠡᠭᠦᠯᠬᠦ ᠬᠡᠷᠡᠭᠲᠡᠢ ᠭᠡᠵᠤ ᠵᠢᠭᠠᠵᠤ ᠭᠠᠷᠭᠠᠪᠠ᠃   ᠡᠭᠦᠨ ᠠᠴᠠ ᠭᠠᠳᠠᠨ᠎ᠠ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠶᠠᠮᠤᠨ ᠠᠴᠠ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠲᠠᠢ ᠬᠠᠮᠲᠤᠷᠠᠨ ᠢ ᠯᠦᠩ ᠵᠢᠯᠣᠭᠤᠴᠢ ᠥᠬᠡᠶ ᠨᠢᠰᠭᠡᠯ ᠢ ᠬᠤᠨᠠᠨ ᠤ ᠽᠢ ᠰᠢᠩ ᠤᠨ ᠭᠠᠮᠰᠢᠭᠳᠠᠭᠰᠠᠨ ᠣᠷᠣᠨ ᠳᠤ ᠲᠤᠮᠢᠯᠠᠨ ᠪᠠᠴᠢᠮ ᠪᠠᠶᠢᠳᠠᠯ ᠢ ᠠᠷᠭᠠᠴᠠᠬᠤ ᠮᠡᠳᠡᠭᠡ ᠬᠤᠯᠪᠣᠭ᠎ᠠ ᠪᠠ ᠭᠠᠮᠰᠢᠭ ᠤᠨ ᠪᠠᠶᠢᠳᠠᠯ ᠢ ᠲᠠᠩᠨᠠᠬᠤ ᠡᠭᠦᠷᠭᠡ ᠳᠠᠭᠠᠭᠠᠯᠭᠠᠪᠠ︔ ᠤᠯᠤᠰ ᠤᠨ ᠠᠮᠤ ᠪᠤᠳᠠᠭ᠎ᠠ ᠪᠣᠯᠤᠨ ᠡᠳ᠋ ᠪᠠᠷᠠᠭ᠎ᠠ ᠨᠥᠭᠡᠴᠡᠯᠡᠬᠦ ᠲᠣᠪᠴᠢᠶ᠎ᠠ ᠲᠠᠢ ᠬᠠᠮᠲᠤᠷᠠᠨ ᠯᠢᠶᠣᠤᠨᠢᠩ ᠳᠤ ᠪᠤᠯᠤᠳ ᠲᠣᠣᠷ᠂ ᠡᠪᠬᠡᠮᠡᠯ ᠮᠠᠶ᠋ᠢᠭ ᠤᠨ ᠲᠡᠮᠦᠷᠯᠢᠭ ᠲᠤᠤᠷ ᠬᠠᠶᠢᠷᠴᠠᠭ ᠵᠡᠷᠭᠡ ᠶᠡᠷᠦᠩᠬᠡᠢ ᠦᠷᠳᠡᠭ ᠨᠢ 441 ᠲᠦᠮᠡᠨ ᠲᠥᠭᠦᠷᠢᠭ ᠤᠨ ᠲᠥᠪ ᠤᠨ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠢ ᠲᠤᠬᠢᠷᠠᠭᠤᠯᠤᠨ ᠥᠭᠴᠦ᠂ ᠣᠷᠣᠨ ᠨᠤᠲᠤᠭ ᠤᠨ ᠦᠶᠡᠷ ᠲᠠᠢ ᠲᠡᠮᠡᠴᠡᠵᠦ ᠠᠶᠤᠯ ᠭᠠᠮᠰᠢᠭ ᠠᠴᠠ ᠠᠪᠤᠷᠠᠬᠤ ᠠᠵᠢᠯ ᠢ ᠳᠡᠮᠵᠢᠪᠡ᠃   ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 29 ᠤ ᠴᠠᠬᠢᠯᠭᠠᠨ ᠮᠡᠳᠡᠭᠡ︶
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号