ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠭᠦᠳᠡ ᠬᠤᠷᠠᠯ ᠤᠨ ᠠᠯᠪᠠᠨ ᠮᠡᠳᠡᠭᠡ
ᠨᠡᠶᠢᠲᠡᠯᠡᠭᠰᠡᠨ ᠴᠠᠭ᠄
2024/8/1
   ︵2024 ᠣᠨ ᠤ 7 ᠰᠠᠷ᠎ᠠ ᠶᠢᠨ 31 ᠤ ᠡᠳᠦᠷ ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ ᠠᠴᠠ ᠪᠠᠲᠤᠯᠠᠪᠠ︶ᠳᠤᠮᠳᠠᠳᠤ ᠤᠯᠤᠰ ᠤᠨ ᠡᠪ ᠬᠠᠮᠲᠤ ᠨᠠᠮ ᠤᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠦᠬᠦᠳᠡ ᠬᠤᠷᠠᠯ 2024 ᠣᠨ ᠤ 7 ᠰᠠᠷ᠎ᠠ ᠶᠢᠨ 29 ᠠᠴᠠ 31 ᠤ ᠡᠳᠦᠷ ᠪᠣᠯᠲᠠᠯ᠎ᠠ ᠬᠥᠬᠡᠬᠤᠲᠠ ᠳᠤ ᠬᠤᠷᠠᠯᠳᠤᠪᠠ᠃   ᠡᠨᠡ ᠤᠳᠠᠭ᠎ᠠ ᠶᠢᠨ ᠪᠥᠬᠦᠳᠡ ᠬᠤᠷᠠᠯ ᠳᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠭᠡᠰᠢᠭᠦᠨ 75 ᠬᠥᠮᠦᠨ᠂ ᠣᠷᠣᠯᠠᠭᠴᠢ ᠭᠡᠰᠢᠭᠦᠨ 14 ᠬᠥᠮᠦᠨ ᠣᠷᠣᠯᠴᠠᠪᠠ᠃ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ ᠪᠣᠯᠤᠨ ᠬᠤᠯᠪᠣᠭᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠥᠬᠦᠳ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠬᠡᠰᠡᠭ ᠠᠵᠤ ᠠᠬᠤᠶᠢᠯᠠᠯ ᠤᠨ ᠭᠤᠣᠯ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠬᠡᠰᠡᠭ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠢ᠃ᠪᠥᠬᠦᠳᠡ ᠬᠤᠷᠠᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠡᠷᠭᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ ᠰᠦᠨ ᠱᠤᠤ ᠴᠧᠩ ᠶᠠᠷᠢᠶ᠎ᠠ ᠲᠠᠯᠪᠢᠵᠠᠢ᠃   ᠪᠥᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠤᠨ ᠮᠡᠳᠡᠭᠦᠯᠦᠯᠲᠡ ᠶᠢ ᠰᠣᠨᠣᠰᠤᠨ ᠶᠠᠷᠢᠯᠴᠠᠵᠤ᠂ ᠳᠤᠤᠷ᠎ᠠ ᠬᠠᠭᠠᠰ ᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ︽ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠰᠠᠨᠠᠯ︾ ᠢ ᠬᠢᠨᠠᠨ ᠵᠥᠪᠯᠡᠵᠦ ᠪᠠᠲᠤᠯᠠᠪᠠ᠃ ᠰᠦᠨ ᠱᠤᠤ ᠴᠧᠩ ︽ᠰᠠᠨᠠᠯ ︵ᠶᠠᠷᠢᠯᠴᠠᠬᠤ ᠨᠤᠤᠷᠠᠭ︶︾ ᠤᠨ ᠲᠤᠬᠠᠢ ᠪᠦᠬᠦᠳᠡ ᠬᠤᠷᠠᠯ ᠳᠤ ᠲᠣᠳᠣᠷᠬᠠᠶᠢᠯᠠᠯᠲᠠ ᠬᠢᠪᠡ᠃   ᠪᠥᠬᠦᠳᠡ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠶᠢᠨ ᠳᠡᠭᠡᠷ᠎ᠡ ᠬᠠᠭᠠᠰ ᠵᠢᠯ ᠤᠨ ᠠᠵᠢᠯ ᠢ ᠭᠦᠢᠴᠡᠳ ᠨᠤᠲᠠᠯᠠᠪᠠ᠃ ᠵᠢᠯ ᠤᠨ ᠡᠬᠢᠨ ᠠᠴᠠ ᠨᠠᠭᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠪᠦᠯᠬᠦᠮᠳᠡᠭᠦᠯᠦᠨ ᠳᠠᠭᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠣᠩᠭᠤᠯ ᠮᠤᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠰᠡᠳᠭᠢᠯ ᠨᠢᠭᠡᠳᠦᠨ ᠬᠦᠴᠦ ᠪᠠᠨ ᠬᠠᠮᠲᠤᠳᠬᠠᠵᠤ ᠬᠤᠶᠠᠷ ᠶᠡᠭᠡ ᠶᠠᠪᠤᠳᠠᠯ ᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠡᠯ᠎ᠡ ᠵᠦᠢᠯ ᠤᠨ ᠠᠵᠢᠯ ᠦᠢᠯᠡᠰ ᠤᠨ ᠰᠢᠨ᠎ᠡ ᠠᠬᠢᠴᠠ ᠲᠠᠢ ᠪᠣᠯᠬᠤ ᠶᠢ ᠠᠬᠢᠭᠤᠯᠪᠠ᠃ ᠠᠵᠢᠯ ᠤᠨ ᠭᠤᠤᠯ ᠰᠢᠵᠢᠮ ᠢ ᠲᠤᠭᠤᠰᠢᠯᠠᠭᠤᠯᠬᠤ ᠲᠦᠷᠢᠮ ᠲᠣᠭᠲᠠᠴᠠ ᠪᠣᠯᠤᠨ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠲᠠᠰᠤᠷᠠᠯᠲᠠ ᠥᠬᠡᠶ ᠲᠡᠭᠦᠯᠳᠡᠷᠵᠢᠵᠦ᠂ ︽ᠲᠠᠪᠤᠨ ᠶᠡᠭᠡ ᠡᠭᠦᠷᠭᠡ︾ ᠭᠦᠨᠵᠡᠭᠡᠶ ᠠᠭᠢᠵᠤ᠂ ︽ᠵᠢᠷᠭᠤᠭᠠᠨ ᠢᠨᠵᠧᠨᠧᠷᠢᠩ︾ ᠪᠥᠬᠦ ᠲᠠᠯ᠎ᠠ ᠪᠠᠷ ᠬᠡᠷᠡᠭᠵᠢᠭᠦᠯᠦᠭᠳᠡᠵᠦ᠂ ︽ᠲᠤᠯᠤᠭᠠᠨ ᠳᠠᠯ᠎ᠠ ᠪᠠᠷ ᠵᠢᠱᠢᠶᠡᠴᠢ ᠪᠤᠯᠬᠤ︾ ᠠᠵᠢᠯ ᠰᠢᠨ᠎ᠡ ᠦᠷ᠎ᠡ ᠪᠦᠲᠦᠮᠵᠢ ᠣᠯᠵᠤ᠂ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠮᠠᠰᠢ ᠣᠯᠠᠨ ᠬᠢᠯᠠᠰ ᠴᠡᠭ ᠢᠯᠡᠷᠡᠵᠦ᠂ ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠲᠠᠰᠤᠷᠠᠯᠲᠠ ᠥᠬᠡᠶ ᠭᠦᠨᠵᠡᠭᠡᠶᠢᠷᠡᠵᠦ᠂ ᠥᠪᠥᠷ ᠮᠣᠩᠭᠤᠯ ᠰᠢᠨ᠎ᠡ ᠵᠠᠮ ᠨᠡᠭᠡᠭᠡᠬᠦ᠂ ᠳᠤᠮᠳᠠ ᠳᠦᠪᠰᠢᠨ ᠳᠤ ᠣᠷᠣᠬᠤ ᠲᠡᠶᠢᠰᠢ ᠪᠠᠰᠠ ᠨᠢᠭᠡ ᠠᠯᠬᠤᠮ ᠯᠠᠪᠳᠠᠭᠤᠨ ᠪᠠᠲᠤᠲᠠᠶ ᠠᠯᠬᠤᠵᠠᠢ ᠬᠡᠵᠥ ᠰᠠᠨᠠᠯ ᠨᠢᠬᠡᠳᠡᠢ ᠦᠵᠡᠵᠡᠬᠡᠪᠡ᠃   ᠪᠥᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠪᠣᠯ ᠣᠳᠣᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠥᠷᠥ ᠶᠢᠨ ᠡᠭᠦᠷᠭᠡ ᠮᠥᠨ᠂ ᠳᠤᠤᠷ᠎ᠠ ᠬᠠᠭᠠᠰ ᠵᠢᠯ ᠳᠤ ᠨᠠᠩ ᠲᠣᠪᠤᠶᠢᠮ᠎ᠠ ᠰᠠᠶᠢᠲᠤᠷ ᠠᠳᠬᠤᠵᠤ᠂ ᠥᠭᠡᠷᠡᠴᠢᠯᠡᠯᠲᠡ ᠶᠢ ᠡᠯ᠎ᠡ ᠵᠦᠢᠯ ᠤᠨ ᠠᠵᠢᠯ ᠳᠤ ᠲᠤᠭᠤᠰᠢᠯᠠᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠶᠢᠨ ᠫᠢᠩ ᠤᠨ ᠬᠢᠭᠰᠡᠨ ᠮᠡᠳᠡᠬᠦᠯᠦᠯᠳᠡ ᠪᠣᠯᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠵᠥ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ︽ᠲᠣᠭᠲᠠᠭᠠᠯ︾ ᠪᠣᠯᠤᠨ ᠲᠣᠳᠣᠷᠬᠠᠶᠢᠯᠠᠯᠲᠠ ᠶᠢ ᠨᠠᠷᠢᠨ ᠬᠢᠨᠠᠮᠠᠭᠠᠢ ᠰᠤᠳᠤᠯᠤᠨ ᠤᠩᠰᠢᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠤᠯ ᠰᠢᠵᠢᠮ ᠲᠠᠢ ᠤᠶᠠᠯᠳᠤᠭᠤᠯᠵᠥ᠂ ᠲᠡᠭᠦᠨ ᠳᠤ ᠠᠭᠤᠯᠤᠭᠳᠠᠵᠤ ᠪᠠᠶᠢᠭ᠎ᠠ ᠵᠢᠷᠲᠢᠨᠴᠦ ᠶᠢᠨ ᠦᠵᠡᠯᠲᠡ ᠪᠠ ᠠᠷᠭ᠎ᠠ ᠶᠢᠨ ᠣᠨᠣᠯ ᠢ ᠭᠦᠨᠵᠡᠭᠡᠶ ᠣᠶᠢᠯᠠᠭᠠᠵᠥ᠂ ᠶᠡᠷᠦᠩᠬᠡᠶ ᠱᠦᠵᠢ ᠰᠢ ᠶᠢᠨ ᠫᠢᠩ ᠤᠨ ᠲᠥᠷᠥ ᠶᠢ ᠵᠠᠰᠠᠵᠤ ᠵᠠᠰᠠᠭ ᠢ ᠡᠷᠭᠢᠯᠡᠬᠦ ᠪᠠᠶᠢᠯᠳᠤᠬᠤ ᠪᠣᠳᠣᠯᠭ᠎ᠠ ᠶᠢᠨ ᠦᠵᠡᠯ ᠰᠠᠨᠠᠭ᠎ᠠ ᠶᠢ ᠭᠦᠨᠵᠡᠭᠡᠶ ᠣᠶᠢᠯᠠᠭᠠᠵᠥ᠂ ᠶᠡᠷᠦᠩᠬᠡᠢ ᠱᠦᠵᠢ ᠰᠢ ᠶᠢᠨ ᠫᠢᠩ ᠤᠨ ᠬᠤᠪᠢᠰᠬᠠᠯᠲᠤ ᠲᠡᠮᠡᠴᠡᠯ ᠤᠨ ᠵᠣᠷᠢᠭ ᠰᠠᠨᠠᠭ᠎ᠠ᠂ ᠤᠷᠦ᠋ᠢᠯᠠᠬᠰᠠᠨ ᠤᠳᠤᠷᠢᠳᠬᠤ ᠤᠷᠠᠯᠢᠭ᠂ ᠡᠷᠬᠢᠮ ᠳᠡᠭᠡᠳᠦ ᠤᠳᠤᠷᠢᠳᠤᠭᠴᠢ ᠶᠢᠨ ᠬᠡᠪ ᠨᠠᠮᠪᠠ ᠢᠢ ᠦᠨᠡᠨ ᠰᠡᠳᠭᠢᠯ ᠠᠴᠠ ᠪᠠᠨ ᠤᠬᠠᠵᠥ᠂ ᠨᠠᠩ ᠡᠷᠡᠰ ᠪᠠᠲᠤ ᠪᠥᠭᠡᠳ ᠤᠬᠠᠮᠰᠠᠷ ᠠᠴᠠ ᠪᠠᠨ ︽ᠬᠤᠶᠠᠷ ᠢ ᠲᠣᠭᠲᠠᠭᠠᠬᠰᠠᠨ︾ ᠢ ᠬᠦᠷᠢᠶᠡᠯᠡᠵᠥ᠂ ︽ᠬᠤᠶᠠᠷ ᠢ ᠬᠠᠮᠠᠭᠠᠯᠠᠬᠤ︾ ᠢᠢ ᠪᠡᠶᠡᠯᠡᠭᠦᠯᠬᠦ ᠬᠡᠷᠡᠭᠳᠡᠢ᠃ ᠤᠬᠠᠭᠤᠯᠤᠨ ᠲᠠᠶᠢᠯᠪᠤᠷᠢᠯᠠᠯᠳᠡ ᠶᠢ ᠥᠷᠭᠡᠨ ᠢᠶᠠᠷ ᠥᠷᠨᠢᠭᠦᠯᠵᠦ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠬᠥᠮᠦᠰ ᠤᠨ ᠰᠡᠳᠭᠢᠯ ᠳᠤ ᠬᠠᠳᠠᠩᠰᠢᠭᠤᠯᠵᠤ᠂ ᠪᠦᠬᠦ ᠨᠡᠶᠢᠭᠡᠮ ᠳᠤ ᠭᠦᠨ ᠵᠤᠵᠠᠭᠠᠨ ᠥᠭᠡᠷᠡᠴᠢᠯᠡᠯᠲᠡ ᠶᠢᠨ ᠠᠭᠤᠷ ᠠᠮᠢᠰᠬᠤᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠨᠠᠮ ᠤᠨ ᠲᠥᠪ ᠬᠤᠷᠢᠶᠠᠨ ᠤ ᠪᠠᠶᠢᠷᠢᠯᠠᠭᠤᠯᠤᠭᠰᠠᠨ ᠡᠭᠦᠷᠭᠡ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠳᠤ ᠨᠡᠶᠢᠴᠡᠭᠰᠡᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠢ ᠬᠡᠵᠥ ᠴᠢᠬᠤᠯᠠᠴᠢᠯᠠᠪᠠ᠃   ᠪᠦᠬᠦᠳᠠ ᠬᠤᠷᠠᠯ ᠠᠴᠠ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠢ ᠥᠭᠡᠷᠡᠴᠢᠯᠡᠯᠲᠡ ᠶᠢ ᠤᠯᠠᠮ ᠨᠢᠬᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠡᠯ᠎ᠡ ᠲᠠᠯ᠎ᠠ ᠪᠦᠬᠦ ᠶᠠᠪᠤᠴᠠ ᠳᠤ ᠲᠤᠭᠤᠰᠢᠯᠠᠭᠤᠯᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠠᠪᠤᠴᠠ ᠳᠠᠬᠢ ᠭᠤᠣᠯᠳᠠᠯᠭ᠎ᠠ᠂ ᠬᠦᠴᠢᠷᠳᠡᠯ ᠴᠡᠭ᠂ ᠲᠦᠭᠵᠢᠷᠡᠯ ᠴᠡᠭ ᠢ ᠴᠢᠩᠭ᠎ᠠ ᠠᠩᠬᠠᠷᠴᠤ ᠪᠣᠭᠤᠮᠲᠠ ᠰᠢᠪᠲᠤᠯᠬᠤ ᠬᠠᠷᠰᠢ ᠰᠠᠭᠠᠳ ᠢ ᠠᠷᠢᠯᠭᠠᠬᠤ ᠠᠷᠭ᠎ᠠ ᠬᠡᠮᠵᠢᠶ᠎ᠡ ᠶᠢ ᠲᠥᠯᠥᠪᠵᠢᠭᠦᠯᠦᠨ ᠬᠡᠷᠡᠭᠵᠢᠭᠦᠯᠬᠦ ᠬᠡᠷᠡᠭᠲᠡᠢ᠃ ᠴᠢᠨᠠᠷ ᠰᠠᠶᠢᠲᠠᠶ ᠬᠥᠭᠵᠢᠯᠲᠡ ᠳᠤ ᠵᠣᠬᠢᠴᠠᠭᠰᠠᠨ ᠠᠵᠤ ᠠᠬᠤᠶ ᠶᠢᠨ ᠪᠠᠶᠢᠷᠢᠰᠢᠭᠤᠯᠤᠯᠲᠠ ᠶᠢ ᠲᠦᠷᠭᠡᠳᠭᠡᠨ ᠪᠠᠶᠢᠭᠤᠯᠵᠤ᠂ ᠡᠯ᠎ᠡ ᠲᠥᠷᠥᠯ ᠤᠨ ᠲᠡᠷᠢᠭᠦᠨ ᠤ ᠦᠢᠯᠡᠳᠪᠦᠷᠢᠯᠡᠯ ᠤᠨ ᠴᠢᠬᠤᠯᠠ ᠡᠯᠧᠮᠧᠨ᠋ᠲ ᠤᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠲᠡᠶᠢᠰᠢ ᠲᠥᠪᠯᠡᠷᠡᠬᠦ᠂ ᠬᠥᠮᠦᠨ ᠠᠮᠠ ᠶᠢᠨ ᠭᠤᠤᠯᠳᠠᠯᠭ᠎ᠠ ᠲᠠᠢ ᠣᠷᠣᠨ ᠪᠦᠰᠡ ᠲᠡᠶᠢᠰᠢ ᠲᠥᠪᠯᠡᠷᠡᠬᠦ ᠶᠢ ᠠᠬᠢᠭᠤᠯᠬᠤ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢᠨ ᠰᠢᠨ᠎ᠡ ᠶᠢ ᠡᠭᠦᠳᠦᠨ ᠠᠬᠢᠭᠤᠯᠵᠤ᠂ ᠤᠰᠤᠨ ᠠᠰᠢᠭᠯᠠᠯᠲᠠ᠂ ᠵᠠᠮ ᠬᠠᠷᠢᠯᠴᠠᠭ᠎ᠠ᠂ ᠴᠢᠮᠡᠭᠡ ᠬᠤᠯᠪᠣᠭ᠎ᠠ ᠂ ᠪᠠᠷᠠᠭᠠᠨ ᠤ ᠭᠦᠢᠯᠭᠡᠭᠡ ᠶᠢᠨ ᠰᠢᠰᠲ᠋ᠧᠮ ᠢ ᠲᠡᠭᠦᠯᠳᠡᠷᠵᠢᠭᠦᠯᠵᠥ᠂ ᠬᠤᠲᠠ ᠬᠥᠳᠡᠭᠡ ᠶᠢᠨ ᠠᠭᠤᠰᠤᠯᠴᠠᠨ ᠬᠥᠭᠵᠢᠬᠦ᠂ ᠣᠷᠣᠨ ᠪᠦᠰᠡ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠬᠡᠷᠡᠭᠲᠡᠶ᠃ ︽ᠲᠠᠪᠤᠨ ᠶᠡᠭᠡ ᠡᠭᠦᠷᠭᠡ︾ ᠢᠢ ᠪᠡᠶᠡᠯᠡᠭᠦᠯᠬᠦ ᠠᠵᠢᠯ ᠤᠨ ᠰᠢᠰᠲ᠋ᠧᠮ ᠢ ᠪᠦᠷᠢᠨᠰᠢᠬᠦᠯᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ︽ᠨᠢᠭᠡ ᠵᠢᠷᠤᠭ︾ ᠤᠨ ᠬᠠᠮᠢᠶᠠᠷᠤᠯᠲᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠤᠯᠤᠰ ᠤᠨ ᠠᠮᠤᠷ ᠲᠦᠪᠰᠢᠨ ᠤ ︽1 + 8︾ ᠠᠵᠢᠯᠯᠠᠭᠠᠨ ᠤ ᠲᠣᠭᠲᠠᠴᠠ ᠶᠢ ᠰᠢᠯᠢᠳᠡᠭᠵᠢᠭᠦᠯᠦᠨ ᠬᠠᠮᠠᠭᠠᠯᠠᠵᠤ᠂ ᠡᠨᠧᠷᠭᠢ ᠡᠬᠢ ᠪᠠᠶᠠᠯᠢᠭ ᠤᠨ ᠬᠠᠩᠭᠠᠯᠭ᠎ᠠ ᠶᠢ ᠪᠠᠲᠤᠯᠠᠬᠤ ᠪᠠ ᠨᠡᠭᠡᠭᠡᠨ ᠬᠥᠭᠵᠢᠭᠦᠯᠵᠦ ᠠᠰᠢᠭᠯᠠᠬᠤ ᠲᠣᠭᠲᠠᠴᠠ ᠶᠢ ᠲᠡᠭᠦᠯᠳᠡᠷᠵᠢᠭᠦᠯᠵᠦ᠂ ᠮᠠᠯ ᠠᠵᠤ ᠠᠬᠤᠶ ᠲᠠᠷᠢᠶᠠᠯᠠᠩ ᠤᠨ ᠪᠥᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠵᠤ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠪᠠ ᠤᠯᠤᠰ ᠤᠨ ᠳᠣᠲᠣᠭᠠᠳᠤ ᠭᠠᠳᠠᠭᠠᠳᠤ ᠶᠢᠨ ᠬᠤᠤᠰ ᠣᠷᠴᠢᠯ ᠳᠤ ᠠᠭᠤᠰᠤᠯᠴᠠᠨ ᠦᠢᠯᠡᠴᠢᠯᠡᠬᠦ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠪᠦᠷᠢᠨᠰᠢᠬᠦᠯᠬᠦ ᠬᠡᠷᠡᠭᠲᠡᠶ᠃ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠤ ᠪᠠᠶᠢᠭᠤᠯᠤᠯ ᠲᠣᠭᠲᠠᠴᠠ ᠶᠢ ᠨᠢᠭᠡ ᠴᠤᠬᠴᠠᠵᠢᠭᠤᠯᠬᠤ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠭᠠᠵᠠᠷ ᠰᠢᠷᠣᠢ᠂ ᠡᠨᠧᠷᠭᠢ᠂ ᠴᠠᠬᠢᠯᠭᠠᠨ ᠬᠦᠴᠦ᠂ ᠠᠭᠤᠷᠬᠠᠢ ᠶᠢᠨ ᠭᠠᠷᠤᠯᠲᠠ᠂ ᠤᠰᠤ᠂ ᠲᠤᠭ᠎ᠠ ᠪᠠᠷᠢᠮᠲᠠ ᠵᠡᠷᠭᠡ ᠴᠢᠬᠤᠯᠠ ᠡᠯᠧᠮᠧᠨ᠋ᠲ ᠢ ᠵᠠᠬ᠎ᠠ ᠳᠡᠯᠭᠡᠭᠦᠷᠴᠢᠯᠡᠨ ᠲᠤᠬᠢᠷᠠᠭᠤᠯᠬᠤ ᠥᠭᠡᠷᠡᠴᠢᠯᠡᠯᠲᠡ ᠪᠣᠯᠤᠨ ᠭᠤᠣᠯᠳᠠᠯᠭ᠎ᠠ ᠲᠠᠢ ᠬᠦᠷᠢᠶᠡᠨ ᠤ ᠦᠨ᠎ᠡ ᠬᠠᠩᠰᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠷᠠᠳ ᠲᠤ ᠠᠰᠢᠭ ᠬᠦᠷᠲᠡᠭᠡᠬᠦ ᠨᠥᠬᠦᠪᠥᠷᠢ ᠣᠯᠭᠤᠬᠤ ᠠᠷᠭ᠎ᠠ ᠶᠢ ᠰᠠᠶᠢᠵᠢᠷᠠᠭᠤᠯᠵᠤ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠬᠤ ᠶᠢ ᠠᠬᠢᠭᠤᠯᠵᠤ᠂ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠦᠵᠡᠯ ᠰᠠᠨᠠᠭ᠎ᠠ ᠪᠠᠷ ᠬᠦᠳᠦᠯᠥᠨ ᠳᠠᠭᠠᠭᠤᠯᠬᠤ᠂ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ᠂ ᠬᠢᠯᠢ ᠬᠢᠵᠠᠭᠠᠷ ᠢ ᠲᠣᠭᠲᠠᠪᠤᠷᠢᠵᠢᠭᠤᠯᠤᠨ ᠪᠠᠬᠢᠵᠢᠬᠦᠯᠬᠦ᠂ ᠰᠣᠶᠣᠯ ᠤᠨ ᠪᠠᠶᠢᠭᠤᠯᠤᠯᠲᠠ᠂ ᠰᠢᠨ᠎ᠡ ᠰᠤᠷᠲᠠᠯ ᠢ ᠪᠤᠢ ᠪᠣᠯᠭᠠᠬᠤ᠂ ᠨᠠᠮ ᠤᠨ ᠪᠠᠶᠢᠭᠤᠯᠤᠯᠲᠠ ᠵᠡᠷᠭᠡ ᠲᠠᠯ᠎ᠠ ᠶᠢᠨ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠪᠠ᠃ᠪᠥᠬᠦᠳᠡ ᠬᠤᠷᠠᠯ ᠠᠴᠠ᠂ ᠥᠭᠡᠷᠡᠴᠢᠯᠡᠯᠲᠡ ᠬᠢᠬᠦ ᠳᠤ ᠡᠷᠬᠡᠪᠰᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠪᠠ ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠪᠥᠷ ᠮᠣᠩᠭᠤᠯ ᠵᠠᠬ᠎ᠠ ᠳᠡᠯᠭᠡᠭᠦᠷ ᠤᠨ ᠤᠬᠠᠮᠰᠠᠷ ᠴᠢᠩᠭ᠎ᠠ ᠪᠢᠰᠢ ᠪᠠᠶᠢᠬᠤ ᠠᠰᠠᠭᠤᠳᠠᠯ ᠢᠶᠠᠨ ᠰᠢᠢᠳᠪᠦᠷᠢᠯᠡᠬᠦ ᠶᠢ ᠲᠤᠯᠭᠠᠮ ᠱᠠᠭᠠᠷᠳᠠᠵᠤ ᠪᠠᠶᠢᠨ᠎ᠠ᠃ ᠨᠠᠮ ᠤᠨ ᠲᠥᠪ ᠬᠤᠷᠢᠶᠠᠨ ᠤ ︽ᠥᠨᠳᠥᠷ ᠲᠦᠪᠰᠢᠨ ᠪᠦᠬᠦᠢ ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠯ ᠢ ᠪᠠᠶᠢᠭᠤᠯᠬᠤ︾ ᠲᠤᠬᠠᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠵᠠᠬ᠎ᠠ ᠳᠡᠯᠭᠡᠭᠦᠷ ᠤᠨ ᠵᠢᠮ᠎ᠡ ᠶᠣᠰᠣ ᠶᠢ ᠬᠡᠷᠡᠭᠯᠡᠨ᠂ ᠵᠠᠬ᠎ᠠ ᠳᠡᠯᠭᠡᠭᠦᠷᠴᠢᠯᠡᠭᠦ ᠰᠡᠳᠭᠢᠬᠦᠢ ᠪᠠᠷ ᠠᠵᠢᠯ ᠢᠶᠠᠨ ᠠᠬᠢᠭᠤᠯᠬᠤ ᠴᠢᠳᠠᠪᠤᠷᠢ ᠪᠠᠨ ᠴᠢᠩᠭᠠᠳᠬᠠᠵᠤ᠂ ᠵᠠᠬ᠎ᠠ ᠳᠡᠯᠭᠡᠭᠦᠷᠴᠢᠯᠡᠭᠦ ᠠᠷᠭ᠎ᠠ ᠪᠠᠷᠢᠯ ᠳᠤ ᠨᠡᠩ ᠢᠯᠡᠭᠦᠦ ᠲᠦᠰᠢᠭᠯᠡᠨ ᠠᠵᠤ ᠠᠬᠤᠢ ᠶᠢᠨ ᠬᠥᠭᠵᠢᠯᠲᠡ ᠶᠢᠨ ᠲᠦᠪᠰᠢᠨ᠂ ᠨᠡᠶᠢᠭᠡᠮ ᠤᠨ ᠵᠠᠰᠠᠯᠲᠠ ᠶᠢᠨ ᠲᠦᠪᠰᠢᠨ᠂ ᠤᠯᠠᠨ ᠲᠦᠮᠡᠨ ᠳᠤ ᠦᠢᠯᠡᠴᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠵᠠᠬ᠎ᠠ ᠳᠡᠯᠭᠡᠭᠦᠷᠴᠢᠯᠡᠬᠦ ᠠᠷᠭ᠎ᠠ ᠪᠠᠷᠢᠯ ᠢᠶᠠᠷ ᠤᠯᠠᠨ ᠲᠦᠮᠡᠨ ᠢ ᠬᠦᠳᠦᠯᠦᠨ ᠵᠢᠯᠣᠭᠤᠳᠴᠤ ᠠᠵᠤ ᠠᠬᠤᠢ ᠶᠢᠨ ᠪᠦᠳᠦᠭᠡᠨ ᠪᠠᠶᠢᠭᠤᠯᠤᠯᠲᠠ ᠪᠠ ᠨᠡᠶᠢᠭᠡᠮ ᠤᠨ ᠵᠠᠰᠠᠯᠲᠠ ᠳᠤ ᠣᠷᠣᠯᠴᠠᠭᠤᠯᠵᠤ᠂ ᠤᠯᠠᠨ ᠢ ᠬᠠᠮᠲᠤ ᠪᠠᠷ ᠵᠣᠷᠢᠭᠤᠯᠬᠤ ᠳᠤᠮᠳᠠ ᠡᠯ᠎ᠡ ᠲᠦᠷᠦᠯ ᠤᠨ ᠬᠥᠭᠵᠢᠯᠲᠡ ᠶᠢᠨ ᠦᠷ᠎ᠡ ᠪᠦᠲᠦᠭᠡᠯ ᠢ ᠡᠳ᠋ᠯᠡᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃   ᠪᠦᠭᠦᠳᠡ ᠬᠤᠷᠠᠯ ᠠᠴᠠ᠂ ᠥᠭᠡᠷᠡᠴᠢᠯᠡᠯᠲᠡ ᠨᠢ ᠮᠥᠨ ᠴᠢᠨᠠᠷ ᠳᠡᠭᠡᠷ᠎ᠡ ᠪᠠᠨ ᠪᠤᠯ ᠰᠢᠨ᠎ᠡ ᠶᠢ ᠡᠭᠦᠳᠴᠦ ᠡᠭᠦᠳᠦᠨ ᠪᠦᠲᠦᠭᠡᠬᠦ ᠶᠠᠪᠤᠳᠠᠯ ᠮᠥᠨ᠂ ᠡᠷᠬᠡᠪᠰᠢ ᠲᠦᠭᠵᠢᠮᠡᠯ ᠬᠡᠪᠰᠢᠮᠡᠯ ᠦᠵᠡᠯᠲᠡ ᠶᠢ ᠲᠦᠷᠭᠡᠨ ᠢᠶᠠᠷ ᠬᠤᠪᠢᠷᠠᠭᠤᠯᠵᠤ᠂ ᠳᠦᠷᠢᠮ ᠭᠤᠷᠢᠮ ᠠᠴᠠ ᠦᠰᠦᠷᠦᠨ ᠭᠠᠷᠴᠤ ᠵᠣᠷᠢᠭᠲᠠᠢ ᠪᠠᠷ ᠲᠤᠷᠰᠢᠵᠤ᠂ ᠵᠣᠷᠢᠭᠲᠠᠢ ᠪᠠᠷ ᠬᠢᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ ᠬᠠᠭᠤᠴᠢᠨ ᠲᠦᠷᠢᠮ ᠲᠣᠭᠲᠠᠭᠠᠯ ᠢ ᠪᠥᠬᠦ ᠲᠠᠯ᠎ᠠ ᠪᠠᠷ ᠠᠷᠢᠯᠭᠠᠵᠤ᠂ ᠰᠢᠨ᠎ᠡ ᠶᠢ ᠡᠭᠦᠳᠬᠦ ᠰᠣᠶᠣᠯ ᠢ ᠪᠤᠶᠢᠵᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠤᠷᠮᠠᠰᠢᠭᠤᠯᠬᠤ ᠲᠦᠷᠢᠮ ᠲᠣᠭᠲᠠᠴᠠ ᠶᠢ ᠲᠡᠭᠦᠯᠳᠡᠷᠵᠢᠭᠦᠯᠵᠦ᠂ ᠦᠨᠡᠨ ᠬᠦ ᠥᠭᠡᠷᠡᠴᠢᠯᠡᠭᠴᠢ ᠳᠤ ᠬᠠᠷᠢᠭᠤᠴᠠᠵᠤ᠂ ᠰᠢᠨ᠎ᠡ ᠶᠢ ᠡᠭᠦᠳᠦᠭᠴᠢ ᠳᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠬᠡᠵᠥ ᠴᠢᠬᠤᠯᠠᠴᠢᠯᠠᠪᠠ᠃   ᠪᠥᠬᠦᠳᠡ ᠬᠤᠷᠠᠯ ᠠᠴᠠ᠂ ᠥᠪᠥᠷ ᠮᠣᠩᠭᠤᠯ ᠤᠨ ᠬᠥᠭᠵᠢᠯᠲᠡ ᠶᠢᠨ ᠶᠡᠭᠡ ᠰᠡᠳᠭᠢᠴᠡ ᠪᠠ ᠴᠢᠭᠯᠡᠯ ᠪᠣᠯ ᠲᠣᠳᠣᠷᠬᠠᠶ ᠪᠥᠭᠡᠳ ᠲᠣᠳᠣ ᠶᠤᠮ᠂ ᠢᠮᠠᠭᠲᠠ ᠳᠡᠩᠰᠡᠯᠭᠡᠬᠦ ᠥᠬᠡᠶ ᠪᠠᠶᠢᠵᠤ᠂ ᠬᠠᠷᠠᠯᠲᠠ ᠪᠠᠨ ᠤᠨᠢᠯᠠᠨ ᠤᠷᠤᠭᠰᠢ ᠠᠬᠢᠭᠤᠯᠬᠤ ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠮᠦᠩᠬᠦ ᠣᠷᠣᠭᠤᠯᠵᠥ ᠠᠪᠴᠢᠷᠠᠬᠤ᠂ ᠬᠡᠷᠡᠭᠯᠡᠭᠡ ᠶᠢ ᠥᠷᠭᠡᠳᠭᠡᠬᠦ᠂ ᠥᠷᠢ ᠥᠭᠴᠡᠭᠡ ᠶᠢ ᠠᠷᠢᠯᠭᠠᠬᠤ ᠵᠡᠷᠭᠡ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠪᠦᠬᠦ ᠵᠢᠯ ᠤᠨ ᠠᠵᠤ ᠠᠬᠤᠢ ᠶᠢᠨ ᠨᠡᠮᠡᠭᠳᠡᠯ ᠤᠨ ᠬᠠᠷᠠᠯᠲᠠ ᠶᠢ ᠪᠡᠶᠡᠯᠡᠭᠦᠯᠬᠦ ᠬᠡᠷᠡᠭᠲᠡᠢ᠃ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠦᠬᠦ ᠲᠠᠯ᠎ᠠ ᠪᠠᠷ ᠪᠦᠷᠢᠳᠭᠡᠵᠦ᠂ ︽ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠮᠦᠨᠡᠬᠢ ᠬᠤᠭᠤᠴᠠᠭᠠᠨ ᠤ ᠰᠤᠳᠤᠯᠭᠠᠨ ᠢ ᠡᠷᠲᠡᠬᠡᠨ ᠥᠷᠨᠢᠭᠦᠯᠬᠦ ᠬᠡᠷᠡᠭᠳᠡᠢ᠃ ᠨᠢᠭᠡᠨᠲᠡ ᠲᠣᠭᠲᠠᠭᠠᠭᠰᠠᠨ ᠪᠠᠶᠢᠷᠢᠯᠠᠭᠤᠯᠤᠯᠲᠠ ᠶᠣᠰᠣᠭᠠᠷ ᠵᠤᠷᠢᠬᠳᠠᠢ ᠪᠦᠬᠡᠳ ᠬᠦᠴᠦᠳᠡᠢ ᠪᠠᠷ ︽ᠲᠠᠪᠤᠨ ᠶᠡᠭᠡ ᠡᠭᠦᠷᠭᠡ︾ ᠶᠢ ᠨᠠᠶᠢᠳᠠᠪᠤᠷᠢᠵᠢᠭᠤᠯᠤᠨ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠵᠦ᠂ ᠠᠬᠢᠴᠠ ᠨᠢ ᠲᠦᠷᠭᠡᠨ ᠪᠠᠶᠢᠬᠤ ᠶᠢ ᠨᠢ ᠪᠠᠲᠤᠯᠠᠵᠤ᠂ ᠤᠳᠠᠭᠠᠨ ᠪᠠᠶᠢᠬᠤ ᠶᠢ ᠨᠢ ᠭᠦᠢᠴᠡᠵᠦ ᠠᠮᠵᠢᠭᠤᠯᠬᠤ ᠬᠡᠷᠡᠭᠲᠡᠶ︔ ᠵᠢᠱᠢᠶᠡᠴᠢ ᠥᠪᠡᠷᠲᠡᠭᠡᠨ ᠵᠠᠰᠠᠬᠤ ᠣᠷᠣᠨ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠶᠢ ᠭᠦᠨᠵᠡᠭᠡᠶᠢᠷᠡᠬᠦᠯᠦᠨ ᠠᠬᠢᠭᠤᠯᠵᠤ᠂ ᠠᠵᠢᠯ ᠤᠨ ᠭᠤᠤᠯ ᠰᠢᠵᠢᠮ ᠢ ᠳᠤᠭᠤᠰᠢᠯᠠᠭᠤᠯᠬᠤ ᠳᠤ ︽ᠬᠤᠭᠤᠰᠣᠨ᠂ ᠪᠦᠳᠦᠭᠦᠯᠢᠭ᠂ ᠨᠠᠷᠮᠠᠶ︾ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ︽ᠨᠠᠮ ᠤᠨ ᠠᠴᠢ ᠳᠤ ᠲᠠᠯᠠᠷᠬᠠᠬᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠳᠠᠭᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠶᠢ ᠠᠬᠢᠭᠤᠯᠵᠤ ᠨᠠᠩ ᠣᠯᠠᠨ ᠦᠷ᠎ᠡ ᠪᠦᠲᠦᠭᠡᠯ ᠭᠠᠷᠭᠠᠬᠤ ᠬᠡᠷᠡᠭᠳᠡᠢ ᠬᠡᠵᠥ ᠴᠢᠬᠤᠯᠠᠴᠢᠯᠠᠪᠠ᠃   ᠪᠥᠬᠦᠳᠡ ᠬᠤᠷᠠᠯ ᠠᠴᠠ᠂ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠪᠥᠬᠦ ᠵᠢᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠡᠷᠬᠡᠪᠰᠢ ᠨᠠᠮ ᠤᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠠᠶᠢᠳᠤᠷ ᠤᠢᠢᠯᠠᠭᠠᠵᠤ ᠲᠤᠭᠤᠷᠠᠳᠠᠯ᠎ᠠ ᠮᠡᠳᠡᠵᠤ ᠪᠤᠳᠠᠳᠠᠢ ᠬᠢᠬᠦ ᠲᠠᠯ᠎ᠡ ᠪᠠᠷ ᠦᠷᠭᠦᠯᠵᠢᠯᠡᠨ ᠬᠦᠴᠦᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠪᠠᠶᠢᠩᠭᠤ ᠤᠷᠳᠤ ᠬᠤᠭᠤᠴᠠᠭ᠎ᠠ ᠪᠦᠳᠦᠮᠵᠢᠳᠡᠢ ᠰᠠᠶᠢᠲᠤᠷ ᠠᠳᠬᠤᠵᠤ᠂ ᠢᠯᠵᠠᠷᠠᠯ ᠢ ᠡᠰᠡᠷᠭᠦᠴᠡᠵᠦ ᠠᠷᠢᠭᠤᠨ ᠴᠢᠬᠡᠴᠢ ᠶᠢ ᠡᠷᠬᠢᠮᠯᠡᠬᠦ ᠡᠷᠴᠢᠮ ᠢ ᠴᠢᠩᠭᠠᠷᠠᠭᠤᠯᠬᠤ ᠬᠡᠷᠡᠭᠲᠡᠶ᠃ ᠡᠷᠬᠡᠪᠰᠢ ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠠᠶᠢᠵᠢᠷᠠᠭᠤᠯᠵᠤ᠂ ᠡᠯ᠎ᠡ ᠵᠦᠢᠯ ᠤᠨ ᠠᠷᠬᠠᠭ ᠬᠡᠮ ᠪᠠ ᠡᠮᠬᠢ ᠵᠢᠷᠤᠮ ᠦᠬᠡᠢ ᠦᠵᠡᠭᠳᠡᠯ ᠢ ᠶᠡᠭᠡ ᠬᠦᠴᠦ ᠣᠷᠣᠭᠤᠯᠤᠨ ᠴᠡᠭᠴᠡᠯᠡᠨ ᠵᠠᠰᠠᠵᠤ᠂ ᠬᠥᠮᠦᠨ ᠪᠦᠬᠦᠨ ᠲᠦᠷᠢᠮ ᠲᠣᠭᠲᠠᠭᠠᠯ ᠢ ᠵᠢᠷᠤᠮᠯᠠᠨ ᠬᠠᠤᠯᠢ ᠶᠢ ᠰᠠᠬᠢᠬᠤ᠂ ᠤᠴᠢᠷ ᠶᠠᠪᠤᠳᠠᠯ ᠪᠤᠯᠭᠠᠨ ᠢ ᠲᠦᠷᠢᠮ ᠶᠣᠰᠣᠭᠠᠷ ᠰᠢᠢᠳᠪᠦᠷᠢᠯᠡᠬᠦ᠂ ᠨᠡᠶᠢᠭᠡᠮ ᠡᠮᠬᠢ ᠵᠢᠷᠤᠮ ᠲᠠᠢ ᠪᠠᠶᠢᠬᠤ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢ ᠠᠬᠢᠭᠤᠯᠬᠤ ᠬᠡᠷᠡᠭᠲᠡᠢ᠃ ᠡᠷᠬᠡᠪᠰᠢ ᠠᠶᠤᠯ ᠲᠦᠭᠰᠢᠭᠦᠷᠢ ᠶᠢ ᠴᠢᠩᠭ᠎ᠠ ᠰᠡᠷᠭᠡᠶᠢᠯᠡᠨ ᠴᠢᠩᠭ᠎ᠠ ᠡᠵᠡᠮᠳᠡᠵᠦ᠂ ᠦᠵᠡᠯ ᠤᠬᠠᠮᠰᠠᠷ ᠤᠨ ᠬᠡᠯᠪᠡᠷᠢ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠪᠠᠶᠢᠭᠠᠯᠢ ᠶᠢᠨ ᠭᠠᠮᠰᠢᠭ ᠢ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶᠢᠳᠠᠯ ᠢ ᠠᠷᠭᠠᠴᠠᠭᠠᠬᠤ ᠲᠣᠭᠲᠠᠴᠠ ᠶᠢ ᠪᠦᠷᠢᠨᠰᠢᠬᠦᠯᠵᠤ᠂ ᠠᠮᠤᠷ ᠲᠦᠪᠰᠢᠨ ᠤ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ᠃ ᠡᠷᠬᠡᠪᠰᠢ ᠪᠦᠬᠦ ᠨᠡᠶᠢᠭᠡᠮ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠲᠠᠶᠢᠴᠢᠯᠠᠵᠤ᠂ ᠵᠢᠳᠬᠦᠯ ᠴᠢᠷᠮᠠᠶᠢᠯᠭ᠎ᠠ ᠭᠠᠷᠭᠠᠭᠰᠠᠳ ᠦᠩᠭᠡ ᠭᠡᠷᠡᠯᠳᠠᠢ᠂ ᠵᠢᠳᠬᠦᠯ ᠴᠢᠷᠮᠠᠶᠢᠯᠭ᠎ᠠ ᠦᠭᠡᠢ ᠬᠥᠮᠦᠰ ᠢᠴᠢᠭᠦᠷᠢᠲᠡᠢ ᠪᠠᠶᠢᠬᠤ ᠠᠭᠤᠷ ᠠᠮᠢᠰᠬᠤᠯ ᠢ ᠪᠤᠢ ᠪᠣᠯᠭᠠᠵᠤ᠂ ᠬᠥᠮᠦᠨ ᠪᠦᠬᠦᠨ ᠠᠵᠢᠯ ᠬᠢᠵᠦ ᠦᠢᠯᠡᠰ ᠪᠤᠰᠬᠠᠬᠤ᠂ ᠭᠡᠷ ᠪᠤᠯᠭᠠᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠤᠯᠠᠨ ᠢᠶᠠᠷ ᠢᠶᠠᠨ ᠬᠠᠮᠲᠤ ᠪᠠᠷ ᠠᠵᠢᠯᠯᠠᠵᠤ ᠬᠠᠮᠲᠤ ᠪᠠᠷ ᠦᠷ᠎ᠡ ᠪᠦᠲᠦᠭᠡᠯ ᠢ ᠡᠳ᠋ᠯᠡᠬᠦ ᠪᠠᠶᠢᠳᠠᠯ ᠢ ᠪᠦᠷᠢᠯᠳᠦᠭᠦᠯᠬᠦ ᠬᠡᠷᠡᠭᠲᠡᠢ ᠬᠡᠵᠥ ᠴᠢᠬᠤᠯᠠᠴᠢᠯᠠᠪᠠ᠃   ᠪᠥᠬᠦᠳᠡ ᠬᠤᠷᠠᠯ ᠠᠴᠠ ᠪᠤᠤ ᠭᠥᠸᠧ ᠴᠢᠤᠸᠠᠨ ᠤ ᠰᠠᠬᠢᠯᠭ᠎ᠠ ᠪᠠᠲᠤ ᠬᠠᠤᠯᠢ ᠴᠠᠭᠠᠵᠠ ᠶᠢ ᠬᠦᠨᠳᠦ ᠨᠣᠴᠢᠲᠠᠶ ᠵᠥᠷᠢᠴᠡᠭᠰᠡᠨ ᠠᠰᠠᠭᠤᠳᠠᠯ ᠤᠨ ᠲᠤᠬᠠᠶ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠬᠢᠨᠠᠨ ᠪᠠᠶᠢᠴᠠᠭᠠᠭᠰᠠᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠡᠭᠦᠨ ᠠᠴᠠ ᠡᠮᠦᠨ᠎ᠡ ᠲᠣᠭᠲᠠᠭᠠᠭᠰᠠᠨ ᠪᠤᠤ ᠬᠦᠤᠤ ᠴᠢᠤᠸᠠᠨ ᠢ ᠨᠠᠮ ᠠᠴᠠ ᠬᠥᠭᠡᠭᠡᠬᠦ ᠰᠢᠢᠳᠭᠡᠯ ᠢ ᠨᠤᠲᠠᠯᠠᠪᠠ᠃   ᠪᠥᠬᠦᠳᠡ ᠬᠤᠷᠠᠯ ᠠᠴᠠ᠂ ᠪᠥᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠰᠢ ᠶᠢᠨ ᠫᠢᠩ ᠨᠥᠬᠦᠷ ᠢᠶᠠᠷ ᠭᠤᠤᠯᠯᠠᠭᠤᠯᠤᠬᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠡᠯ᠎ᠡ ᠵᠦᠢᠯ ᠤᠨ ᠥᠭᠡᠷᠡᠴᠢᠯᠡᠯᠲᠡ ᠶᠢᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠵᠥ ᠲᠠᠰᠤᠷᠠᠯᠲᠠ ᠥᠬᠡᠶ ᠰᠢᠨ᠎ᠡ ᠦᠷ᠎ᠡ ᠪᠦᠲᠦᠭᠡᠯ ᠤᠯᠬᠤ ᠶᠢ ᠠᠬᠢᠭᠤᠯᠵᠤ᠂ ᠰᠢᠨ᠎ᠡ ᠵᠠᠮ ᠨᠡᠬᠡᠬᠡᠵᠥ᠂ ᠳᠤᠮᠳᠠ ᠲᠦᠪᠰᠢᠨ ᠳᠤ ᠣᠷᠣᠬᠤ ᠬᠠᠷᠠᠯᠲᠠ ᠲᠡᠶᠢᠰᠢ ᠲᠣᠮᠣ ᠠᠯᠬᠤᠮ ᠢᠶᠠᠷ ᠤᠷᠤᠭᠰᠢᠯᠠᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠳᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠰᠠᠶᠢᠳᠤᠷ ᠪᠢᠴᠢᠭᠯᠡᠵᠦ᠂ ᠡᠬᠡ ᠤᠯᠤᠰ ᠤᠨ ᠤᠮᠠᠷᠠᠲᠤ ᠶᠢᠨ ᠦᠵᠡᠮᠵᠢ ᠶᠢᠨ ᠣᠷᠣᠨ ᠢ ᠨᠠᠩ ᠦᠵᠡᠰᠭᠦᠯᠡᠩᠲᠦ ᠰᠠᠶᠢᠬᠠᠨ ᠪᠣᠯᠭᠠᠨ ᠪᠥᠲᠥᠭᠡᠨ ᠪᠠᠶᠢᠭᠤᠯᠬᠤ ᠬᠡᠷᠡᠭᠳᠡᠢ ᠭᠡᠵᠦ ᠤᠷᠢᠶᠠᠯᠠᠪᠠ᠃
 
ᠢᠷᠡᠯᠲᠡ᠄ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号