ᠠᠵᠤ ᠦᠢᠯᠡᠰ ᠤᠨ ᠬᠥᠭᠵᠢᠯᠲᠡ ᠪᠠᠷ ᠲᠣᠰᠬᠤᠨ ᠢ ᠬᠦᠴᠦᠷᠬᠡᠭᠵᠢᠭᠦᠯᠦᠨ ᠠᠷᠠᠳ ᠢ ᠪᠠᠶᠠᠵᠢᠭᠤᠯᠵᠤ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/8/14
   ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ︽ᠨᠢᠭᠡ ᠬᠦᠯᠡᠮᠵᠢ ᠶᠢ ᠣᠯᠠᠨ ᠲᠠᠯ᠎ᠠ ᠪᠠᠷ ᠬᠡᠷᠡᠭᠯᠡᠬᠦ︾ ᠶᠢ ᠪᠡᠶᠡᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠪᠠ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠥᠷᠭᠡᠳᠬᠡᠪᠡ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤᠨ ᠤ ᠤᠯᠠᠭᠠᠨ ᠵᠦᠩ ᠭᠠᠴᠠᠭ᠎ᠠ ᠳᠤ᠂ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠠᠵᠢᠯᠲᠠᠳ ᠡᠷᠦᠬᠡ ᠳᠠᠷᠠᠭᠠᠯᠠᠨ ᠬᠦᠷᠢᠶᠡᠨ ᠤ ᠠᠵᠤ ᠠᠬᠤᠢ ᠶᠢᠨ ᠦᠷ᠎ᠡ ᠪᠦᠲᠦᠭᠡᠯ ᠢ ᠰᠢᠯᠭᠠᠨ ᠪᠠᠶᠢᠴᠠᠭᠠᠵᠤ᠂ ᠲᠣᠰᠬᠤᠨ ᠤ ᠠᠷᠠᠳ ᠶᠠᠩ ᡁᠢ ᠶᠥᠩ ᠤᠨ ᠭᠡᠷ ᠤᠨ ᠬᠦᠷᠢᠶᠡᠨ ᠳᠤ ᠣᠷᠣᠬᠤ ᠳᠤ᠂ ᠬᠤᠶᠠᠷ ᠢᠳᠡᠰᠢᠨ ᠨᠣᠭᠤᠭ᠎ᠠ ᠶᠢᠨ ᠬᠦᠯᠡᠮᠵᠢ ᠳᠤ ᠦᠵᠡᠭᠳᠡᠨ᠂ ᠬᠦᠯᠡᠮᠵᠢ ᠳᠤ ᠤᠷᠭᠤᠬᠤ ᠨᠢ ᠠᠮᠢᠳᠤᠯᠢᠭ ᠪᠣᠬᠢᠷᠲᠤᠯ ᠦᠭᠡᠢ ᠪᠠᠶᠢᠵᠤ᠂ ᠯᠠᠵᠤᠤ᠂ ᠪᠤᠷᠴᠠᠭ ᠵᠡᠷᠭᠡ ᠲᠠᠷᠢᠮᠠᠯ ᠤᠨ ᠤᠷᠭᠤᠴᠠ ᠨᠢ ᠬᠥᠮᠦᠨ ᠢ ᠪᠠᠶᠠᠰᠬᠠᠵᠤ᠂ ᠬᠦᠷᠢᠶᠡᠨ ᠤ ᠪᠤᠯᠤᠩ ᠳᠤ ᠴᠤ ᠡᠯ᠎ᠡ ᠵᠦᠢᠯ ᠤᠨ ᠢᠳᠡᠰᠢᠨ ᠨᠣᠭᠤᠭ᠎ᠠ ᠲᠠᠷᠢᠵᠤ᠂ ᠵᠢᠵᠢᠭ ᠬᠦᠷᠢᠶ᠎ᠡ ᠬᠠᠰᠢᠶ᠎ᠠ ᠨᠢ ᠣᠷᠣᠯᠭ᠎ᠠ ᠪᠠᠨ ᠨᠡᠮᠡᠭᠳᠡᠭᠦᠯᠬᠦ ︽ᠡᠷᠳᠡᠨᠢ ᠶᠢᠨ ᠰᠡᠪᠡ︾ ᠪᠣᠯᠤᠭᠰᠠᠨ ᠪᠠᠶᠢᠨ᠎ᠠ᠃    ︽ᠪᠢ ᠡᠨᠡ ᠵᠢᠯ ᠬᠤᠶᠠᠷ ᠬᠦᠯᠡᠮᠵᠢ᠂ ᠨᠢᠭᠡ ᠰᠠᠷᠠᠪᠴᠢᠲᠤ ᠪᠤᠷᠴᠠᠭ᠂ ᠨᠢᠭᠡ ᠬᠦᠯᠡᠮᠵᠢ ᠶᠢᠨ ᠤᠯᠠᠭᠠᠨ ᠯᠠᠵᠤᠤ ᠲᠠᠷᠢᠵᠠᠢ᠂ ᠭᠠᠴᠠᠭᠠᠨ ᠤ ᠨᠠᠮ ᠤᠨ ᠡᠭᠦᠷ ᠨᠢ ᠪᠢᠳᠡᠨ ᠢ ᠳᠠᠭᠠᠭᠤᠯᠤᠨ ᠤᠯᠠᠭᠠᠨ ᠬᠠᠳᠠᠭᠠᠭᠰᠠᠨ ᠯᠠᠵᠤᠤ ᠶᠢᠨ ᠵᠠᠬᠢᠶᠠᠯᠠᠭ᠎ᠠ ᠳᠤ ᠭᠠᠷ ᠤᠨ ᠦᠰᠦᠭ ᠵᠢᠷᠤᠵᠤ᠂ ᠣᠷᠣᠯᠭ᠎ᠠ ᠨᠢ ᠪᠠᠲᠤᠯᠠᠭ᠎ᠠ ᠲᠠᠢ ᠪᠠᠶᠢᠵᠤ᠂ ᠵᠢᠱᠢᠯᠲᠡ ᠪᠠᠷ ᠡᠨᠡ ᠵᠢᠯ 1 ᠲᠦᠮᠡᠨ ᠲᠥᠭᠦᠷᠢᠭ ᠣᠷᠴᠢᠮ ᠣᠷᠣᠯᠭ᠎ᠠ ᠣᠯᠤᠨ᠎ᠠ᠃︾ ᠬᠡᠵᠤ ᠳᠥᠷᠥᠯᠵᠢ ᠪᠠᠯᠭᠠᠰᠤᠨ ᠤ ᠤᠯᠠᠭᠠᠨ ᠵᠦᠩ ᠭᠠᠴᠠᠭᠠᠨ ᠤ ᠠᠷᠠᠳ ᠶᠠᠩ ᡁᠢ ᠶᠥᠩ ᠬᠡᠯᠡᠪᠡ᠃    ᠭᠠᠴᠠᠭ᠎ᠠ ᠲᠣᠰᠬᠤᠨ ᠤ ᠠᠷᠠᠳ ᠤᠨ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠶᠢᠨ ᠲᠥᠯᠥᠭᠡ᠂ ᠤᠯᠠᠭᠠᠨ ᠵᠦᠩ ᠭᠠᠴᠠᠭᠠᠨ ᠤ ᠨᠠᠮ ᠤᠨ ᠡᠭᠦᠷ ᠳᠥᠷᠥᠯᠵᠢ ᠪᠠᠯᠭᠠᠰᠤᠨ ᠤ ︽ᠠᠵᠤ ᠦᠢᠯᠡᠰ ᠤᠨ ᠬᠦᠴᠦᠷᠬᠡᠭ ᠪᠠᠯᠭᠠᠰᠤ︾ ᠶᠢᠨ ᠲᠥᠷᠥᠯ ᠵᠦᠢᠯ ᠢ ᠢᠳᠡᠪᠬᠢᠲᠡᠢ ᠲᠡᠮᠡᠴᠡᠨ ᠣᠯᠵᠤ᠂ ᠲᠣᠰᠬᠤᠨ ᠤ ᠤᠤᠯ ᠤᠨ ᠪᠣᠭᠤᠨᠢ ᠭᠤᠯᠳᠤᠩ ᠰᠠᠷᠠᠪᠴᠢ ᠶᠢ ᠰᠢᠨ᠎ᠡ ᠬᠦᠯᠡᠮᠵᠢ ᠪᠣᠯᠭᠠᠨ ᠥᠭᠡᠷᠡᠴᠢᠯᠡᠵᠦ᠂ ᠬᠠᠪᠤᠷ ᠲᠣᠰᠬᠤᠨ ᠤ ᠠᠷᠠᠳ ᠬᠦᠯᠡᠮᠵᠢ ᠳᠤ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠵᠤ᠂ ᠵᠤᠨ ᠲᠠᠷᠢᠮᠠᠯ ᠢ ᠡᠷᠭᠢᠯᠳᠦᠭᠦᠯᠦᠨ ᠠᠰᠢᠭᠯᠠᠨ᠎ᠠ᠃ ᠡᠨᠡ ᠵᠢᠯ ᠤᠨ ᠡᠬᠢ ᠪᠠᠷ ᠭᠠᠴᠠᠭ᠎ᠠ ᠠᠵᠤ ᠠᠬᠤᠶᠢᠯᠠᠯ ᠲᠠᠢ ᠯᠠᠵᠤᠤ ᠪᠠ ᠪᠤᠷᠴᠠᠭ ᠢ ᠬᠤᠳᠠᠯᠳᠤᠨ ᠠᠪᠬᠤ ᠭᠡᠷ᠎ᠡ ᠲᠣᠭᠲᠠᠵᠤ᠂ ᠵᠠᠬᠢᠶᠠᠯᠠᠭ᠎ᠠ ᠶᠢᠨ ᠬᠡᠯᠪᠡᠷᠢ ᠶᠢᠨ ᠲᠠᠷᠢᠶᠠᠯᠠᠩ ᠤᠨ ᠬᠥᠭᠵᠢᠯᠲᠡ ᠶᠢᠨ ᠲᠦᠷᠭᠡᠨ ᠵᠠᠮ ᠳᠤ ᠣᠷᠣᠭᠤᠯᠪᠠ᠃    ︽ᠮᠠᠨ ᠤ ᠤᠯᠠᠭᠠᠨ ᠵᠦᠩ ᠭᠠᠴᠠᠭ᠎ᠠ ᠣᠶᠢᠷ᠎ᠠ ᠶᠢᠨ ᠬᠤᠶᠠᠷ ᠵᠢᠯ ᠳᠤ ᠬᠦᠷᠢᠶ᠎ᠡ ᠬᠠᠰᠢᠶᠠᠨ ᠤ ᠠᠵᠤ ᠠᠬᠤᠢ ᠶᠢ ᠦᠷᠭᠦᠯᠵᠢᠯᠡᠨ ᠬᠥᠭᠵᠢᠭᠦᠯᠵᠡᠢ᠂ ᠪᠠᠰᠠ ᠳᠥᠷᠥᠯᠵᠢ ᠪᠠᠯᠭᠠᠰᠤᠨ ᠤ ᠠᠵᠤ ᠦᠢᠯᠡᠰ ᠢᠶᠠᠷ ᠪᠠᠯᠭᠠᠰᠤ ᠪᠠᠨ ᠬᠦᠴᠦᠷᠬᠡᠭᠵᠢᠭᠦᠯᠬᠦ ᠲᠥᠷᠥᠯ ᠵᠦᠢᠯ ᠢᠶᠠᠷ ᠳᠠᠮᠵᠢᠭᠤᠯᠤᠨ᠂ 100 ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠭᠤᠶᠤᠴᠢᠯᠠᠪᠠᠯ᠂ ᠡᠨᠡ ᠬᠦ ᠤᠰᠤᠨ ᠲᠤᠲᠤᠷᠭ᠎ᠠ ᠶᠢᠨ ᠴᠢᠬᠢ ᠪᠤᠶᠢᠵᠢᠭᠤᠯᠬᠤ ᠬᠦᠯᠡᠮᠵᠢ ᠶᠢ ᠣᠯᠠᠨ ᠤᠳᠠᠭ᠎ᠠ ᠡᠷᠭᠢᠯᠳᠦᠭᠦᠯᠦᠨ ᠠᠰᠢᠭᠯᠠᠵᠤ ᠪᠣᠯᠤᠨ᠎ᠠ᠃ ᠡᠩ ᠲᠡᠷᠢᠭᠦᠨ ᠳᠤ ᠠᠷᠠᠳ ᠣᠯᠠᠨ ᠳᠤ ᠤᠰᠤᠨ ᠲᠤᠲᠤᠷᠭ᠎ᠠ ᠲᠠᠷᠢᠵᠤ᠂ ᠲᠤᠲᠤᠷᠭ᠎ᠠ ᠶᠢᠨ ᠴᠢᠬᠢ ᠪᠤᠶᠢᠵᠢᠭᠤᠯᠤᠨ᠂ ᠨᠢᠭᠡ ᠰᠠᠷ᠎ᠠ ᠶᠢᠨ ᠳᠠᠷᠠᠭ᠎ᠠ᠂ ᠵᠠᠬᠢᠶᠠᠯᠠᠭ᠎ᠠ ᠶᠢᠨ ᠬᠡᠯᠪᠡᠷᠢ ᠪᠠᠷ ᠪᠤᠷᠴᠠᠭ ᠪᠠ ᠯᠠᠵᠤᠤ ᠲᠠᠷᠢᠵᠤ᠂ ᠡᠷᠦᠬᠡ ᠪᠦᠷᠢ ᠶᠢᠨ ᠠᠷᠠᠳ ᠣᠯᠠᠨ ᠳᠤ 6500 ᠠᠴᠠ 8000 ᠲᠥᠭᠦᠷᠢᠭ ᠤᠨ ᠦᠷ᠎ᠡ ᠠᠰᠢᠭ ᠣᠯᠭᠤᠬᠤ ᠶᠢᠨ ᠬᠠᠮᠲᠤ ᠪᠠᠰᠠ ᠭᠠᠴᠠᠭᠠᠨ ᠤ ᠬᠠᠮᠲᠤ ᠶᠢᠨ ᠠᠵᠤ ᠠᠬᠤᠢ ᠳᠤ 10 ᠲᠦᠮᠡᠨ ᠲᠥᠭᠦᠷᠢᠭ ᠣᠷᠴᠢᠮ ᠤᠨ ᠠᠵᠤ ᠠᠬᠤᠢ ᠶᠢᠨ ᠦᠷ᠎ᠡ ᠠᠰᠢᠭ ᠠᠪᠴᠢᠷᠠᠬᠤ ᠪᠣᠯᠤᠨ᠎ᠠ︾ ᠬᠡᠵᠤ ᠳᠥᠷᠥᠯᠵᠢ ᠪᠠᠯᠭᠠᠰᠤᠨ ᠤ ᠤᠯᠠᠭᠠᠨ ᠳᠤᠮᠳᠠ ᠭᠠᠴᠠᠭᠠᠨ ᠤ ᠨᠠᠮ ᠤᠨ ᠡᠭᠦᠷ ᠤᠨ ᠱᠦᠵᠢ ᠵᠠᠩ ᠯᠢ ᠮᠢᠩ ᠬᠡᠯᠡᠪᠡ᠃    ᠣᠶᠢᠯᠠᠭᠠᠭᠰᠠᠨ ᠢᠶᠠᠷ᠂ ᠳᠥᠷᠥᠯᠵᠢ ᠪᠠᠯᠭᠠᠰᠤᠨ ᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢᠨ ᠢᠳᠡᠰᠢᠨ ᠨᠣᠭᠤᠭ᠎ᠠ ᠶᠢᠨ ᠬᠦᠯᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ 2023 ᠣᠨ ᠠᠴᠠ ᠡᠬᠢᠯᠡᠨ᠂ ᠣᠳᠣ ᠪᠠᠶᠢᠭ᠎ᠠ 150 ᠭᠠᠷᠤᠢ ᠲᠣᠮᠣ ᠫᠧᠩ ᠣᠷᠣᠯᠴᠠᠵᠤ᠂ ᠨᠡᠶᠢᠲᠡ 3 ᠭᠠᠴᠠᠭ᠎ᠠ ᠣᠷᠣᠯᠴᠠᠵᠤ᠂ ᠤᠯᠠᠭᠠᠨ ᠳᠤᠮᠳᠠ ᠭᠠᠴᠠᠭ᠎ᠠ ᠲᠤᠷᠰᠢᠯᠲᠠ ᠶᠢᠨ ᠴᠡᠭ ᠪᠣᠯᠤᠭᠰᠠᠨ ᠤ ᠬᠤᠪᠢ ᠳᠤ ᠨᠡᠶᠢᠲᠡ 100 ᠰᠠᠭᠤᠷᠢ ᠬᠦᠯᠡᠮᠵᠢ ᠲᠠᠢ ᠪᠠᠶᠢᠵᠤ᠂ ᠬᠦᠯᠡᠮᠵᠢ ᠨᠢ ᠵᠢᠯ ᠪᠦᠷᠢ ᠶᠢᠨ ᠲᠦᠷᠢᠶᠡᠰᠦᠨ ᠮᠥᠩᠭᠦ ᠶᠢ 1000 ᠲᠥᠭᠦᠷᠢᠭ ᠤᠨ ᠬᠡᠯᠪᠡᠷᠢ ᠪᠠᠷ ᠭᠠᠴᠠᠭ᠎ᠠ ᠲᠣᠰᠬᠤᠨ ᠤ ᠠᠷᠠᠳ ᠲᠤ ᠲᠦᠷᠢᠶᠡᠰᠦᠯᠡᠭᠦᠯᠵᠦ᠂ ᠲᠦᠷᠢᠶᠡᠰᠦᠨ ᠮᠥᠩᠭᠦ ᠶᠢ ᠭᠠᠴᠠᠭᠠᠨ ᠤ ᠬᠠᠮᠲᠤ ᠶᠢᠨ ᠠᠵᠤ ᠠᠬᠤᠢ ᠳᠤ ᠣᠷᠣᠭᠤᠯᠪᠠ᠃    ︽ᠣᠶᠢᠷ᠎ᠠ ᠶᠢᠨ ᠵᠢᠯ ᠳᠤ ᠳᠥᠷᠥᠯᠵᠢ ᠪᠠᠯᠭᠠᠰᠤ ᠲᠤᠰ ᠪᠡᠶ᠎ᠡ ᠶᠢᠨ ᠬᠥᠭᠵᠢᠯᠲᠡ ᠳᠤ ᠲᠣᠬᠢᠷᠠᠬᠤ ᠠᠵᠤ ᠦᠢᠯᠡᠰ ᠤᠨ ᠬᠦᠴᠦᠷᠬᠡᠭ ᠪᠠᠯᠭᠠᠰᠤ ᠶᠢ ᠢᠳᠡᠪᠬᠢᠲᠡᠢ ᠬᠠᠶᠢᠨ ᠰᠦᠪᠡᠭᠴᠢᠯᠡᠵᠦ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠢᠮᠠᠭᠲᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠣᠯᠭᠠᠵᠤ᠂ 2022 ᠣᠨ ᠳᠤ ᠮᠠᠨ ᠤ ᠪᠠᠯᠭᠠᠰᠤ ᠬᠦᠯᠡᠮᠵᠢ ᠨᠡᠮᠡᠵᠦ ᠬᠦᠷᠢᠶ᠎ᠡ ᠬᠠᠰᠢᠶᠠᠨ ᠤ ᠠᠵᠤ ᠠᠬᠤᠢ ᠶᠢᠨ ᠵᠠᠭᠪᠤᠷ ᠤᠨ ᠰᠢᠨ᠎ᠡ ᠶᠢ ᠡᠭᠦᠳᠴᠦ᠂ ᠡᠩ ᠲᠡᠷᠢᠭᠦᠨ ᠳᠤ ᠤᠯᠠᠭᠠᠨ ᠳᠤᠮᠳᠠ ᠭᠠᠴᠠᠭ᠎ᠠ ᠳᠤ ᠲᠤᠷᠰᠢᠯᠲᠠ ᠬᠢᠵᠦ ᠳᠡᠯᠭᠡᠷᠡᠭᠦᠯᠦᠨ᠂ ᠦᠷ᠎ᠡ ᠪᠦᠲᠦᠮᠵᠢ ᠨᠢ ᠮᠠᠰᠢ ᠢᠯᠡᠷᠬᠡᠢ ᠪᠠᠶᠢᠵᠤ᠂ ᠡᠨᠡ ᠵᠢᠯ ᠪᠠᠰᠠ ᠡᠶᠢᠮᠦᠷᠬᠦ ᠵᠠᠭᠪᠤᠷ ᠢ ᠠᠰᠢᠭᠯᠠᠨ ᠡᠷᠭᠢᠨ ᠲᠣᠭᠤᠷᠢᠨ ᠤ ᠭᠠᠴᠠᠭᠠᠨ ᠤ ᠬᠠᠮᠲᠤ ᠶᠢᠨ ᠬᠥᠭᠵᠢᠯᠲᠡ ᠶᠢ ᠳᠠᠶᠢᠴᠢᠯᠠᠪᠠ᠃ ᠳᠠᠷᠠᠭᠠᠴᠢ ᠶᠢᠨ ᠠᠯᠬᠤᠮ ᠳᠤ ᠮᠠᠨ ᠤ ᠪᠠᠯᠭᠠᠰᠤ ᠪᠠᠰᠠ ᠨᠡᠩ ᠣᠯᠠᠨ ᠠᠵᠤ ᠦᠢᠯᠡᠰ ᠤᠨ ᠬᠥᠭᠵᠢᠯᠲᠡ ᠶᠢᠨ ᠰᠢᠨ᠎ᠡ ᠵᠠᠮ ᠢ ᠡᠷᠢᠯᠬᠢᠯᠡᠵᠦ᠂ ᠨᠡᠩ ᠣᠯᠠᠨ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠦᠷ᠎ᠡ ᠠᠰᠢᠭ ᠪᠠ ᠮᠠᠯᠴᠢᠨ ᠲᠠᠷᠢᠶᠠᠴᠢᠨ ᠤ ᠣᠷᠣᠯᠭ᠎ᠠ ᠶᠢᠨ ᠨᠡᠮᠡᠭᠳᠡᠯ ᠢ ᠳᠠᠶᠢᠴᠢᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠨ᠎ᠡ᠃ ᠳᠥᠷᠥᠯᠵᠢ ᠪᠠᠯᠭᠠᠰᠤᠨ ᠤ ᠠᠵᠤ ᠠᠬᠤᠢ ᠶᠢᠨ ᠬᠥᠭᠵᠢᠯᠲᠡ ᠪᠠ ᠪᠦᠲᠦᠭᠡᠨ ᠪᠠᠶᠢᠭᠤᠯᠤᠯᠲᠠ ᠶᠢᠨ ᠠᠯᠪᠠᠨ ᠭᠡᠷ ᠤᠨ ᠬᠠᠷᠢᠭᠤᠴᠠᠯᠭᠠᠲᠠᠨ ᠶᠤᠸᠠᠨ ᠬᠤᠶ ᠬᠡᠯᠡᠪᠡ᠃     ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠳᠥᠷᠥᠯᠵᠢ ᠪᠠᠯᠭᠠᠰᠤ ᠨᠢ ᠨᠠᠮ ᠤᠨ ᠪᠠᠶᠢᠭᠤᠯᠤᠯᠲᠠ ᠪᠠᠷ ᠤᠳᠤᠷᠢᠳᠤᠮᠵᠢ ᠪᠣᠯᠭᠠᠵᠤ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ᠂ ᠬᠥᠳᠡᠭᠡ ᠲᠣᠰᠬᠤᠨ ᠤ ᠠᠵᠤ ᠦᠢᠯᠡᠰ ᠢ ᠢᠳᠡᠪᠬᠢᠲᠡᠢ ᠬᠥᠭᠵᠢᠭᠦᠯᠵᠦ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠬᠦᠷᠢᠶ᠎ᠡ ᠬᠠᠰᠢᠶᠠᠨ ᠤ ᠠᠵᠤ ᠠᠬᠤᠢ ᠶᠢ ᠬᠥᠭᠵᠢᠭᠦᠯᠵᠦ᠂ ︽ᠨᠢᠭᠡ ᠬᠦᠯᠡᠮᠵᠢ ᠶᠢ ᠣᠯᠠᠨ ᠲᠠᠯ᠎ᠠ ᠪᠠᠷ ᠬᠡᠷᠡᠭᠯᠡᠬᠦ︾ ᠶᠢ ᠪᠡᠶᠡᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠪᠠ ᠣᠯᠠᠨ ᠲᠦᠮᠡᠨ ᠤ ᠣᠷᠣᠯᠭ᠎ᠠ ᠶᠢ ᠨᠡᠮᠡᠭᠳᠡᠭᠦᠯᠬᠦ ᠰᠢᠨ᠎ᠡ ᠵᠠᠮ ᠢ ᠥᠷᠭᠡᠳᠬᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号