ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ
ᠨᠡᠶᠢᠲᠡᠯᠡᠭᠰᠡᠨ ᠴᠠᠭ᠄
2024/8/14
    ᠪᠦᠬᠦ ᠬᠤᠰᠢᠭᠤᠨ ᠤ ᠥᠷᠭᠡᠨ ᠣᠯᠠᠨ ᠠᠵᠢᠯᠲᠠᠨ ᠠᠵᠢᠯᠴᠢᠨ ᠤ ᠰᠣᠶᠣᠯ ᠤᠨ ᠬᠡᠷᠡᠭᠴᠡᠭᠡ ᠶᠢ ᠬᠠᠩᠭᠠᠵᠤ᠂ ᠠᠵᠢᠯᠲᠠᠨ ᠠᠵᠢᠯᠴᠢᠨ ᠤ ᠠᠵᠢᠯ ᠤᠨ ᠴᠢᠯᠥᠭᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠠᠵᠢᠯᠲᠠᠨ ᠠᠵᠢᠯᠴᠢᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠪᠠ ᠬᠠᠷᠢᠶᠠᠯᠠᠭᠳᠠᠬᠤ ᠰᠡᠳᠬᠢᠯᠭᠡ ᠶᠢ ᠨᠡᠮᠡᠭᠳᠡᠭᠦᠯᠵᠦ᠂ ᠥᠷᠭᠡᠨ ᠣᠯᠠᠨ ᠠᠵᠢᠯᠲᠠᠨ ᠠᠵᠢᠯᠴᠢᠨ ᠤ ᠠᠵᠢᠯ ᠤᠨ ᠬᠠᠯᠠᠭᠤᠨ ᠰᠡᠳᠬᠢᠯᠭᠡ ᠪᠠ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠬᠦ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠲᠤᠬᠠᠶᠢᠯᠠᠭᠰᠠᠨ ᠠᠵᠢᠯ ᠢ ᠭᠦᠢᠴᠡᠳᠬᠡᠬᠦ᠂ ᠰᠣᠶᠣᠯ ᠲᠠᠮᠢᠷ ᠤᠨ ᠠᠵᠢᠯᠯᠠᠭ᠎ᠠ ᠶᠢ ᠨᠢᠭᠡ ᠴᠣᠭᠴᠠᠵᠢᠭᠤᠯᠤᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠢ ᠪᠠᠶᠢᠭᠤᠯᠪᠠ᠃ 8 ᠰᠠᠷ᠎ᠠ ᠶᠢᠨ 13 ᠤ ᠡᠳᠦᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠤᠨ ᠫᠠᠶᠢᠰᠠ ᠰᠡᠬᠦᠬᠦ ᠶᠣᠰᠣᠯᠠᠯ ᠶᠠᠪᠤᠭᠤᠯᠪᠠ᠃ ᠪᠦᠬᠦ ᠬᠤᠰᠢᠭᠤᠨ ᠤ 150 ᠭᠠᠷᠤᠢ ᠡᠮᠦᠨ᠎ᠡ ᠹᠷᠣᠨᠲ ᠲᠤ ᠡᠷᠡᠯᠬᠡᠭᠯᠡᠨ ᠪᠠᠶᠢᠯᠳᠤᠵᠤ ᠪᠠᠶᠢᠭ᠎ᠠ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠴᠡᠴᠡᠷᠯᠢᠭ ᠤᠨ ᠠᠵᠢᠯᠴᠢᠨ ᠵᠡᠷᠭᠡ ᠰᠢᠨ᠎ᠡ ᠠᠵᠢᠯ ᠣᠯᠭᠤᠯᠲᠠ ᠶᠢᠨ ᠬᠡᠯᠪᠡᠷᠢ ᠲᠠᠢ ᠬᠥᠳᠡᠯᠮᠦᠷᠢᠴᠢᠨ ᠠᠵᠢᠯᠯᠠᠭ᠎ᠠ ᠳᠤ ᠣᠷᠣᠯᠴᠠᠵᠠᠢ᠃    ᠫᠠᠶᠢᠰᠠ ᠰᠡᠬᠦᠬᠦ ᠶᠣᠰᠣᠯᠠᠯ ᠤᠨ ᠳᠠᠷᠠᠭ᠎ᠠ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠵᠢᠯᠲᠠᠳ ᠠᠵᠢᠯᠯᠠᠭ᠎ᠠ ᠳᠤ ᠣᠷᠣᠯᠴᠠᠭᠰᠠᠨ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠵᠢᠴᠢ ᠠᠵᠢᠯᠲᠠᠨ ᠠᠵᠢᠯᠴᠢᠨ ᠤ ᠲᠥᠯᠥᠭᠡᠯᠡᠭᠴᠢᠳ ᠲᠤ ᠦᠢᠯᠡᠴᠢᠯᠡᠭᠡᠨ ᠤ ᠲᠥᠪ ᠤᠨ ᠡᠯ᠎ᠡ ᠵᠦᠢᠯ ᠤᠨ ᠴᠢᠳᠠᠮᠵᠢ ᠶᠢ ᠲᠠᠨᠢᠯᠴᠠᠭᠤᠯᠬᠤ ᠶᠢᠨ ᠬᠠᠮᠲᠤ ᠰᠢᠨ᠎ᠡ ᠠᠵᠢᠯ ᠣᠯᠭᠤᠯᠲᠠ ᠶᠢᠨ ᠬᠡᠯᠪᠡᠷᠢ ᠶᠢᠨ ᠬᠥᠳᠡᠯᠮᠦᠷᠢᠴᠢᠳ ᠲᠤ ᠷᠠᠰᠢᠶᠠᠨ ᠤᠰᠤ᠂ ᠲᠠᠷᠪᠤᠰ ᠵᠡᠷᠭᠡ ᠨᠠᠷᠠᠰᠢᠬᠤ ᠶᠢ ᠰᠡᠷᠭᠡᠶᠢᠯᠡᠬᠦ ᠲᠣᠬᠤᠨᠢᠭᠤᠯᠬᠤ ᠪᠣᠳᠠᠰ ᠲᠠᠷᠬᠠᠭᠠᠪᠠ᠃    ᠣᠶᠢᠯᠠᠭᠠᠭᠰᠠᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠲᠠᠨ ᠠᠵᠢᠯᠴᠢᠨ ᠤ ᠦᠶ᠋ᠯᠡᠴᠢᠯᠡᠭᠡᠨ ᠤ ᠲᠥᠪ ᠤᠨ ᠪᠠᠷᠢᠯᠭ᠎ᠠ ᠶᠢᠨ ᠲᠠᠯᠠᠪᠠᠢ ᠨᠢ 500 ᠲᠡᠭᠰᠢ ᠳᠥᠷᠪᠡᠯᠵᠢᠨ ᠮᠧᠲᠷ ᠰᠢᠬᠠᠮ ᠪᠠᠶᠢᠵᠤ᠂ ᠠᠵᠢᠯᠲᠠᠨ ᠠᠵᠢᠯᠴᠢᠨ ᠤ ᠦᠶᠯᠡᠴᠢᠯᠡᠭᠡᠨ ᠤ ᠲᠥᠪ᠂ ᠠᠵᠢᠯᠲᠠᠨ ᠠᠵᠢᠯᠴᠢᠨ ᠤ ᠬᠥᠳᠡᠯᠭᠡᠭᠡᠨ ᠤ ᠲᠥᠪ ᠪᠠ ᠠᠵᠢᠯᠴᠢᠨ ᠤ ᠡᠪᠯᠡᠯ ᠤᠨ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠶᠯᠡᠴᠢᠯᠡᠭᠡᠨ ᠤ ᠥᠷᠲᠡᠭᠡ ᠴᠡᠭ ᠭᠡᠵᠦ ᠬᠤᠪᠢᠶᠠᠪᠠ᠃ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠴᠡᠭ ᠲᠤ ᠠᠮᠠᠷᠠᠵᠤ ᠬᠤᠭᠤᠯᠠ ᠢᠳᠡᠵᠦ ᠪᠣᠯᠬᠤ ᠰᠢᠷᠡᠭᠡ ᠰᠠᠨᠳᠠᠯᠢ᠂ ᠤᠰᠤ ᠬᠠᠩᠭᠠᠬᠤ ᠮᠠᠰᠢᠨ᠂ ᠲᠧᠯᠸᠢᠰ ᠵᠡᠷᠭᠡ ᠶᠢ ᠲᠣᠬᠢᠷᠠᠭᠤᠯᠵᠤ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠲᠦᠷᠭᠡᠨ ᠬᠦᠷᠭᠡᠯᠲᠡ ᠶᠢᠨ ᠬᠦᠷᠭᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠠᠵᠢᠯᠴᠢᠨ ᠵᠡᠷᠭᠡ ᠭᠡᠷ ᠤᠨ ᠭᠠᠳᠠᠨᠠᠬᠢ ᠬᠥᠳᠡᠯᠮᠦᠷᠢᠴᠢᠳ ᠲᠤ ᠤᠰᠤ ᠤᠤᠭᠤᠬᠤ ᠳᠤ ᠬᠦᠴᠢᠷ᠂ ᠬᠥᠯ ᠠᠮᠠᠷᠠᠬᠤ ᠳᠤ ᠬᠦᠴᠢᠷᠲᠡᠢ ᠵᠡᠷᠭᠡ ᠪᠣᠳᠠᠲᠠᠢ ᠠᠰᠠᠭᠤᠳᠠᠯ ᠢ ᠰᠢᠢᠳᠪᠦᠷᠢᠯᠡᠵᠦ ᠥᠭᠭᠦᠭᠰᠡᠨ ᠪᠥᠭᠡᠳ ᠤᠷᠲᠤ ᠬᠤᠭᠤᠴᠠᠭ᠎ᠠ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠡᠷᠭᠡ ᠰᠢᠨ᠎ᠡ ᠪᠠᠷ ᠠᠵᠢᠯ ᠣᠯᠤᠭᠰᠠᠨ ᠬᠥᠳᠡᠯᠮᠦᠷᠢᠴᠢᠳ ᠲᠤ ᠦᠨ᠎ᠡ ᠲᠥᠯᠥᠪᠦᠷᠢ ᠦᠭᠡᠢ ᠪᠠᠷ ᠦᠰᠦ ᠵᠠᠰᠠᠬᠤ ᠦᠢᠯᠡᠴᠢᠯᠡᠭᠡ ᠬᠠᠩᠭᠠᠭᠰᠠᠨ ᠪᠠᠶᠢᠨ᠎ᠠ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠧᠢ ᠺᠦᠩ ᠬᠤᠲᠠ ᠶᠢᠨ ᠦᠢᠯᠡᠴᠢᠯᠡᠭᠡᠨ ᠤ ᠬᠢᠵᠠᠭᠠᠷᠲᠤ ᠺᠣᠮᠫᠠᠨᠢ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠵᠣᠣ ᠯᠢᠶᠠᠨ ᠬᠡᠯᠡᠬᠦ ᠳᠡᠭᠡᠨ᠄ ︽ᠠᠵᠢᠯᠲᠠᠨ ᠠᠵᠢᠯᠴᠢᠨ ᠤ ᠦᠶ᠋ᠯᠡᠴᠢᠯᠡᠭᠡᠨ ᠤ ᠲᠥᠪ ᠵᠢᠴᠢ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠶ᠋ᠯᠡᠴᠢᠯᠡᠭᠡᠨ ᠤ ᠥᠷᠲᠡᠭᠡ ᠴᠡᠭ ᠪᠠᠶᠢᠭᠤᠯᠤᠭᠳᠠᠭᠰᠠᠨ᠂ ᠪᠢᠳᠡᠨ ᠳᠤ ᠰᠡᠯᠡᠭᠦᠴᠡᠯ ᠤᠨ ᠵᠢᠴᠢ ᠠᠮᠠᠷᠠᠬᠤ ᠲᠠᠯᠠᠪᠤᠷ ᠬᠠᠩᠭᠠᠵᠤ ᠥᠭᠴᠡᠢ᠂ ᠡᠨᠡ ᠬᠦ ᠥᠨᠳᠥᠷ ᠳᠤᠯᠠᠭᠠᠨ ᠠᠭᠤᠷ ᠠᠮᠢᠰᠬᠤᠯ ᠳᠤ ᠪᠠᠰᠠ ᠪᠢᠳᠡᠨ ᠳᠤ ᠬᠠᠯᠠᠭᠤᠨ ᠠᠴᠠ ᠰᠡᠷᠭᠡᠶᠢᠯᠡᠵᠦ ᠬᠠᠯᠠᠭᠤᠨ ᠢ ᠪᠠᠭᠤᠷᠠᠭᠤᠯᠬᠤ ᠲᠣᠬᠤᠨᠢᠭᠤᠯᠬᠤ ᠪᠣᠳᠠᠰ ᠬᠦᠷᠭᠡᠵᠦ ᠥᠭᠴᠡᠢ᠂ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠳᠤ ᠦᠨᠡᠨ ᠰᠡᠳᠬᠢᠯ ᠠᠴᠠ ᠪᠠᠨ ᠲᠠᠯᠠᠷᠬᠠᠵᠤ ᠪᠠᠶᠢᠨ᠎ᠠ᠂ ᠪᠢᠳᠡ ᠯᠠᠪᠲᠠᠢ ᠯᠠᠪᠳᠠᠭᠤᠨ ᠪᠠᠲᠤᠲᠠᠢ ᠠᠵᠢᠯᠯᠠᠵᠤ᠂ ᠨᠡᠶᠢᠭᠡᠮ ᠳᠤ ᠠᠴᠢ ᠬᠠᠷᠢᠭᠤᠯᠬᠤ ᠪᠠᠷ ᠴᠢᠷᠮᠠᠶᠢᠨ᠎ᠠ︾ ᠭᠡᠵᠡᠢ᠃    ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠲᠤ ᠶᠡᠷᠦᠩᠬᠡᠶᠢᠯᠡᠭᠰᠡᠨ ᠶᠡᠭᠡ ᠲᠢᠩᠬᠢᠮ᠂ ᠣᠯᠠᠨ ᠴᠢᠳᠠᠮᠵᠢᠲᠤ ᠲᠠᠰᠤᠭ᠂ ᠢᠷᠠᠭᠤ ᠠᠯᠳᠠᠷ ᠤᠨ ᠦᠵᠡᠭᠦᠯᠦᠯᠭᠡ ᠶᠢᠨ ᠲᠢᠩᠬᠢᠮ᠂ ᠠᠵᠢᠯᠲᠠᠨ ᠠᠵᠢᠯᠴᠢᠨ ᠤ ᠨᠣᠮ ᠤᠨ ᠥᠷᠥᠭᠡ᠂ ᠪᠡᠶ᠎ᠡ ᠴᠢᠭᠢᠷᠠᠭᠵᠢᠭᠤᠯᠬᠤ ᠲᠠᠰᠤᠭ᠂ ᠰᠢᠲᠠᠷ᠎ᠠ ᠶᠢᠨ ᠥᠷᠥᠭᠡ ᠵᠡᠷᠭᠡ ᠵᠢᠷᠭᠤᠭᠠᠨ ᠶᠡᠭᠡ ᠣᠷᠣᠨ ᠪᠦᠰᠡ ᠲᠠᠢ᠃ ᠦᠢᠯᠡᠴᠢᠯᠡᠭᠡᠨ ᠤ ᠲᠥᠪ ᠨᠢ ᠠᠵᠢᠯᠲᠠᠨ ᠤ ᠳᠦᠷᠢᠮ ᠤᠨ ᠬᠠᠮᠢᠶᠠᠷᠤᠯᠲᠠ ᠶᠢ ᠬᠡᠷᠡᠭᠯᠡᠨ᠂ ᠡᠳᠦᠷ ᠪᠦᠷᠢ ᠶᠢᠨ 8᠄ 30 - 20᠄ 00 ᠲᠤ ᠨᠡᠭᠡᠭᠡᠵᠦ᠂ ᠪᠦᠬᠦ ᠬᠤᠰᠢᠭᠤᠨ ᠤ ᠬᠡᠪᠴᠢᠶᠡᠨ ᠳᠠᠬᠢ ᠠᠵᠢᠯᠴᠢᠨ ᠤ ᠡᠪᠯᠡᠯ ᠤᠨ ᠭᠡᠰᠢᠭᠦᠳ ᠲᠤ ᠪᠡᠶ᠎ᠡ ᠴᠢᠭᠢᠷᠠᠭᠵᠢᠭᠤᠯᠬᠤ᠂ ᠴᠢᠴᠢᠭᠦᠷ ᠪᠥᠮᠪᠦᠭᠡ᠂ ᠰᠢᠲᠠᠷ᠎ᠠ ᠵᠡᠷᠭᠡ ᠦᠢᠯᠡᠴᠢᠯᠡᠭᠡ ᠬᠠᠩᠭᠠᠵᠤ᠂ ᠠᠵᠢᠯᠲᠠᠨ ᠠᠵᠢᠯᠴᠢᠨ ᠤ ᠬᠡᠷᠡᠭᠴᠡᠭᠡ ᠱᠠᠭᠠᠷᠳᠠᠯᠭ᠎ᠠ ᠶᠢ ᠪᠦᠬᠦ ᠲᠠᠯ᠎ᠠ ᠪᠠᠷ ᠣᠯᠠᠨ ᠳᠡᠰ ᠳᠠᠪᠬᠤᠷᠭ᠎ᠠ ᠪᠠᠷ ᠬᠠᠩᠭᠠᠨ᠎ᠠ᠃    ︽ᠥᠨᠥᠳᠦᠷ ᠠᠵᠢᠯᠲᠠᠨ ᠠᠵᠢᠯᠴᠢᠨ ᠤ ᠦᠢᠯᠡᠴᠢᠯᠡᠭᠡᠨ ᠤ ᠲᠥᠪ ᠪᠠ ᠭᠡᠷ ᠤᠨ ᠭᠠᠳᠠᠨᠠᠬᠢ ᠬᠥᠳᠡᠯᠮᠦᠷᠢᠴᠢᠳ ᠤᠨ ᠦᠢᠯᠡᠴᠢᠯᠡᠭᠡᠨ ᠤ ᠥᠷᠲᠡᠭᠡ ᠴᠡᠭ ᠢ ᠪᠠᠶᠢᠭᠤᠯᠵᠤ᠂ ᠮᠠᠨ ᠤ ᠬᠤᠰᠢᠭᠤᠨ ᠤ ᠣᠳᠣ ᠪᠣᠯᠲᠠᠯ᠎ᠠ ᠠᠵᠢᠯᠲᠠᠨ ᠠᠵᠢᠯᠴᠢᠨ ᠤ ᠰᠣᠶᠣᠯ ᠤᠨ ᠠᠵᠢᠯᠯᠠᠭ᠎ᠠ ᠪᠠ ᠶᠡᠷᠦᠩᠬᠡᠶᠢᠯᠡᠭᠰᠡᠨ ᠴᠢᠨᠠᠷᠲᠠᠢ ᠦᠢᠯᠡᠴᠢᠯᠡᠭᠡᠨ ᠤ ᠵᠢᠭᠰᠠᠭᠠᠯ ᠤᠨ ᠭᠠᠵᠠᠷ ᠦᠭᠡᠢ ᠪᠠᠶᠢᠬᠤ ᠶᠢ ᠨᠥᠬᠦᠪᠥᠷᠢᠯᠡᠵᠡᠢ᠃ ᠠᠵᠢᠯᠲᠠᠨ ᠤ ᠦᠢᠯᠡᠴᠢᠯᠡᠭᠡᠨ ᠤ ᠲᠥᠪ ᠨᠢ ᠦᠨᠳᠦᠰᠦᠨ ᠱᠠᠲᠤᠨ ᠤ ᠠᠵᠢᠯᠴᠢᠨ ᠤ ᠡᠪᠯᠡᠯ ᠢ ᠵᠣᠬᠢᠶᠠᠨ ᠪᠠᠶᠢᠭᠤᠯᠬᠤ᠂ ᠬᠦᠴᠢᠷᠳᠡᠯᠲᠡᠢ ᠠᠵᠢᠯᠲᠠᠨ ᠢ ᠬᠠᠪᠰᠤᠷᠤᠨ ᠲᠡᠳᠬᠦᠬᠦ ᠵᠡᠷᠭᠡ ᠦᠢᠯᠡᠴᠢᠯᠡᠭᠡᠨ ᠤ ᠴᠢᠳᠠᠮᠵᠢ ᠲᠠᠢ ᠪᠠᠶᠢᠵᠤ᠂ ᠪᠦᠬᠦ ᠬᠤᠰᠢᠭᠤᠨ ᠤ ᠥᠷᠭᠡᠨ ᠣᠯᠠᠨ ᠠᠵᠢᠯᠲᠠᠨ ᠠᠵᠢᠯᠴᠢᠨ ᠳᠤ ᠪᠦᠬᠦ ᠲᠠᠯ᠎ᠠ ᠶᠢᠨ ᠦᠢᠯᠡᠴᠢᠯᠡᠭᠡ ᠬᠠᠩᠭᠠᠬᠤ ᠪᠣᠯᠤᠨ᠎ᠠ᠃ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠠᠵᠢᠯᠲᠠᠨ ᠠᠵᠢᠯᠴᠢᠨ ᠤ ᠬᠡᠷᠡᠭᠴᠡᠭᠡ᠂ ᠠᠵᠢᠯᠲᠠᠨ ᠠᠵᠢᠯᠴᠢᠨ ᠤ ᠬᠦᠰᠡᠯ᠂ ᠠᠵᠢᠯᠴᠢᠨ ᠤ ᠡᠪᠯᠡᠯ ᠤᠨ ᠴᠢᠳᠠᠪᠤᠷᠢ ᠶᠢ ᠦᠨᠳᠦᠰᠦᠯᠡᠨ᠂ ᠠᠵᠢᠯᠴᠢᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯᠲᠠᠨ ᠠᠵᠢᠯᠴᠢᠨ ᠲᠦᠮᠡᠨ ᠳᠤ ᠦᠢᠯᠡᠴᠢᠯᠡᠬᠦ ᠴᠢᠳᠠᠪᠤᠷᠢ ᠪᠠ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠠᠮᠢᠳᠤᠷᠠᠯ ᠤᠨ ᠦᠢᠯᠡᠴᠢᠯᠡᠭᠡᠨ ᠤ ᠨᠢᠭᠡ ᠦᠵᠦᠭᠦᠷ᠂ ᠡᠷᠬᠡ ᠠᠰᠢᠭ ᠢ ᠬᠠᠮᠠᠭᠠᠯᠠᠬᠤ ᠦᠢᠯᠡᠴᠢᠯᠡᠭᠡ ᠶᠢ ᠨᠢᠭᠡ ᠰᠦᠯᠵᠢᠶ᠎ᠡ᠂ ᠦᠵᠡᠯ ᠰᠠᠨᠠᠭᠠᠨ ᠤ ᠵᠢᠯᠣᠭᠤᠳᠣᠯᠭ᠎ᠠ ᠶᠢ ᠨᠢᠭᠡ ᠰᠡᠳᠬᠢᠯ ᠢᠶᠠᠷ ᠪᠣᠳᠠᠲᠤ ᠠᠬᠤᠢ ᠪᠣᠯᠭᠠᠨ᠎ᠠ︾ ᠭᠡᠵᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠣᠬᠢᠶᠠᠨ ᠪᠠᠶᠢᠭᠤᠯᠬᠤ ᠤᠬᠠᠭᠤᠯᠬᠤ ᠬᠡᠯᠲᠡᠰ ᠤᠨ ᠳᠠᠷᠤᠭ᠎ᠠ ᠭᠤᠤ ᠸᠧᠨ ᠵᠢᠦᠢ ᠲᠠᠯᠪᠢᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号