ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/15
   8 ᠰᠠᠷ᠎ᠠ ᠶᠢᠨ 14 ᠤ ᠡᠳᠦᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠮᠠᠨᠳᠤᠯ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ᠂ ᠴᠠᠭᠳᠠᠨ ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠵᠢᠶᠠᠩ ᠪᠧᠢ ᠫᠢᠩ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠡᠷᠬᠡ ᠣᠯᠭᠤᠯᠲᠠ ᠵᠢᠴᠢ ᠡᠭᠦᠷᠭᠡ ᠶᠢᠨ ᠠᠵᠢᠯ ᠤᠨ ᠬᠤᠪᠢᠶᠠᠷᠢᠯᠠᠯ ᠤᠨ ᠲᠣᠭᠲᠠᠭᠠᠯ ᠢ ᠨᠡᠶᠢᠲᠡᠯᠡᠪᠡ᠃    ᠬᠤᠷᠠᠯ ᠠᠴᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶᠠᠨ ᠤ ᠳᠣᠯᠣᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠱᠦᠵᠢ ᠶᠢᠨ ᠲᠤᠰᠬᠠᠢ ᠰᠡᠳᠦᠪᠲᠦ ᠬᠤᠷᠠᠯ ᠤᠨ ᠬᠤᠯᠪᠣᠭᠳᠠᠯ ᠪᠦᠬᠦᠢ ᠱᠠᠭᠠᠷᠳᠠᠯᠭ᠎ᠠ ᠶᠢ ᠤᠯᠠᠮᠵᠢᠯᠠᠵᠤ᠂ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠲᠣᠭᠤᠷᠢᠨ ᠪᠠᠶᠢᠴᠠᠭᠠᠬᠤ ᠠᠵᠢᠯ ᠳᠤ ᠳᠠᠶᠢᠴᠢᠯᠠᠯᠲᠠ ᠪᠠᠶᠢᠷᠢᠯᠠᠭᠤᠯᠤᠯᠲᠠ ᠬᠢᠪᠡ᠃    ᠬᠤᠷᠠᠯ ᠠᠴᠠ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠤᠯᠤᠰ ᠲᠥᠷᠥ ᠶᠢᠨ ᠲᠣᠭᠤᠷᠢᠨ ᠪᠠᠶᠢᠴᠠᠭᠠᠯᠲᠠ ᠶᠢ ᠭᠦᠨᠵᠡᠭᠡᠶᠢᠷᠡᠭᠦᠯᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠭᠯᠡᠯᠲᠡ ᠶᠢ ᠲᠤᠤᠱᠯᠠᠭᠤᠯᠵᠤ᠂ ᠲᠣᠭᠤᠷᠢᠨ ᠪᠠᠶᠢᠴᠠᠭᠠᠬᠤ ᠠᠷᠭ᠎ᠠ ᠬᠡᠯᠪᠡᠷᠢ ᠪᠣᠯᠤᠨ ᠡᠷᠬᠡ ᠶᠢᠨ ᠬᠢᠵᠠᠭᠠᠷ ᠢ ᠵᠢᠷᠤᠮᠯᠠᠵᠤ᠂ ᠲᠣᠭᠤᠷᠢᠨ ᠪᠠᠶᠢᠴᠠᠭᠠᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠤᠯᠤᠰ ᠲᠥᠷᠥ ᠶᠢᠨ ᠬᠢᠨᠠᠯᠲᠠ ᠶᠢ ᠪᠣᠳᠠᠲᠠᠶᠢᠵᠢᠭᠤᠯᠵᠤ ᠪᠠᠶᠢᠩᠭᠤᠵᠢᠭᠤᠯᠬᠤ ᠶᠢ ᠠᠬᠢᠭᠤᠯᠬᠤ ᠬᠡᠷᠡᠭᠲᠡᠢ᠃ ᠤᠯᠤᠰ ᠲᠥᠷᠥ ᠶᠢᠨ ᠲᠣᠭᠤᠷᠢᠨ ᠪᠠᠶᠢᠴᠠᠭᠠᠬᠤ ᠡᠭᠦᠷᠭᠡ ᠴᠢᠳᠠᠪᠬᠢ ᠶᠢᠨ ᠪᠠᠶᠢᠷᠢ ᠲᠣᠭᠲᠠᠭᠠᠯᠲᠠ ᠶᠢ ᠪᠠᠲᠤ ᠰᠠᠬᠢᠵᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠵᠢᠷᠭᠤᠭᠠᠨ ᠢᠨᠵᠧᠨᠧᠷᠢᠩ︾ ᠢ ᠨᠠᠶᠢᠳᠠᠪᠤᠷᠢᠵᠢᠭᠤᠯᠬᠤ ᠲᠠᠢ ᠨᠢᠭᠲᠠ ᠤᠶᠠᠯᠳᠤᠭᠤᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠲᠠᠢ ᠨᠢᠭᠲᠠ ᠤᠶᠠᠯᠳᠤᠭᠤᠯᠵᠤ᠂ ︽ᠬᠤᠶᠠᠷ ᠢ ᠲᠣᠭᠲᠠᠭᠠᠬᠤ︾ ᠶᠢ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠤᠯᠤᠰ ᠲᠥᠷᠥ ᠶᠢᠨ ᠦᠨᠳᠦᠷᠴᠡ ᠠᠴᠠ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠦᠢᠯ ᠤᠨ ᠴᠢᠬᠤᠯᠠ ᠴᠢᠨᠠᠷ ᠢ ᠭᠦᠢᠴᠡᠳ ᠲᠠᠨᠢᠵᠤ᠂ ᠨᠠᠮ ᠤᠨ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠤᠷᠴᠠ ᠰᠡᠯᠡᠮ᠎ᠡ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ᠃ ᠴᠠᠭᠳᠠᠨ ᠪᠠᠶᠢᠴᠠᠭᠠᠵᠤ ᠢᠯᠡᠷᠡᠭᠦᠯᠦᠭᠰᠡᠨ ᠳᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠨᠢᠭᠡ ᠶᠢ ᠴᠠᠭᠳᠠᠨ ᠪᠠᠶᠢᠴᠠᠭᠠᠵᠤ᠂ ᠨᠢᠭᠡ ᠲᠠᠯ᠎ᠠ ᠶᠢ ᠰᠦᠷᠳᠡᠭᠦᠯᠵᠦ᠂ ᠨᠢᠭᠡ ᠣᠷᠣᠨ ᠪᠦᠰᠡ ᠶᠢ ᠵᠠᠰᠠᠵᠤ᠂ ᠨᠢᠭᠡ ᠠᠵᠢᠯ ᠦᠢᠯᠡᠰ ᠤᠨ ᠬᠥᠭᠵᠢᠯᠲᠡ ᠶᠢᠨ ᠦᠷ᠎ᠡ ᠪᠦᠲᠦᠮᠵᠢ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠤᠨ ᠭᠦᠨᠵᠡᠭᠡᠶᠢᠷᠡᠨ ᠬᠥᠭᠵᠢᠬᠦ ᠶᠢ ᠠᠬᠢᠭᠤᠯᠵᠤ᠂ ᠮᠠᠨ ᠤ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠤᠯᠤᠰ ᠲᠥᠷᠥ ᠶᠢᠨ ᠪᠠᠲᠤᠯᠠᠭ᠎ᠠ ᠬᠠᠩᠭᠠᠬᠤ ᠬᠡᠷᠡᠭᠲᠡᠢ᠃    ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠠᠴᠠ ᠡᠮᠦᠨ᠎ᠡ ᠲᠤᠰ ᠡᠭᠡᠯᠵᠢ ᠶᠢᠨ ᠴᠠᠭᠳᠠᠨ ᠪᠠᠶᠢᠴᠠᠭᠠᠬᠤ ᠺᠠᠳ᠋ᠷᠴᠤᠳ ᠲᠤ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠬᠤᠷᠠᠯ ᠤᠨ ᠳᠠᠷᠠᠭ᠎ᠠ ᠪᠠᠰᠠ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠢᠨ ᠬᠠᠮᠲᠤ ᠶᠢᠨ ᠶᠠᠷᠢᠯᠴᠠᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠤᠭᠤᠯᠵᠤ᠂ ᠠᠷᠪᠠᠨ ᠲᠠᠪᠤᠳᠤᠭᠠᠷ ᠬᠤᠭᠤᠴᠠᠭᠠᠨ ᠤ ᠬᠤᠰᠢᠭᠤᠨ ᠤ ᠨᠠᠮ ᠤᠨ ᠬᠤᠷᠢᠶᠠᠨ ᠤ ᠨᠠᠢᠮᠠᠳᠤᠭᠠᠷ ᠡᠭᠡᠯᠵᠢ ᠶᠢᠨ ᠴᠠᠭᠳᠠᠨ ᠪᠠᠶᠢᠴᠠᠭᠠᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号