ᠵᠥᠩ ᠭᠤᠸᠠᠩ ᠾᠧ ᠪᠦᠯᠦᠭᠯᠡᠯ ᠤᠨ ᠳᠡᠳ᠋ ᠶᠡᠷᠦᠩᠬᠡᠢ ᠳᠠᠭᠠᠭᠠᠮᠠᠯ ᠯᠢ ᠢ ᠯᠦᠨ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/15
   8 ᠰᠠᠷ᠎ᠠ ᠶᠢᠨ 14 ᠤ ᠡᠳᠦᠷ᠂ ᠵᠦᠩ ᠭᠤᠸᠠᠩ ᠾᠧ ᠪᠦᠯᠦᠭᠯᠡᠯ ᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠳᠡᠳ᠋ ᠶᠡᠷᠦᠩᠬᠡᠢ ᠳᠠᠭᠠᠭᠠᠮᠠᠯ ᠯᠢ ᠢ ᠯᠦᠨ ᠨᠡᠷ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠬᠦᠷᠴᠦ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠪᠠᠶᠢᠴᠠᠭᠠᠨ ᠰᠤᠳᠤᠯᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠭᠤᠣᠯ ᠤᠨ ᠪᠠᠶᠢᠰᠢᠩ ᠪᠠᠯᠭᠠᠰᠤᠨ ᠤ ᠬᠤᠸᠠᠳᠤᠪᠤ ᠭᠠᠴᠠᠭ᠎ᠠ᠂ ᠰᠠᠮᠠᠭ᠎ᠠ ᠭᠠᠴᠠᠭ᠎ᠠ ᠶᠢᠨ ᠵᠠᠰᠠᠯᠲᠠ ᠶᠢᠨ ᠲᠣᠭᠤᠷᠢᠭ᠂ ᠪᠠᠶᠠᠨᠨᠠᠭᠤᠷ ᠰᠤᠮᠤ ᠶᠢᠨ ᠬᠦᠢᠯᠡᠰᠦᠲᠠᠢ ᠭᠠᠴᠠᠭ᠎ᠠ ᠶᠢᠨ ᠵᠠᠰᠠᠯᠲᠠ ᠶᠢᠨ ᠲᠣᠭᠤᠷᠢᠭ ᠲᠤ ᠭᠦᠨᠵᠡᠭᠡᠶᠢᠷᠡᠨ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠪᠠ᠃    ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠬᠦ ᠪᠠ ᠬᠠᠮᠢᠶ᠎ᠠ ᠪᠦᠬᠦᠢ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠤᠭᠰᠠᠨ ᠤ ᠳᠠᠷᠠᠭ᠎ᠠ᠂ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦ ᠶᠢ ᠰᠡᠷᠭᠡᠶᠢᠯᠡᠵᠦ ᠡᠯᠡᠰᠦ ᠶᠢ ᠵᠠᠰᠠᠬᠤ ᠠᠵᠢᠯ ᠢ ᠭᠦᠢᠴᠡᠳ ᠨᠤᠲᠠᠯᠠᠪᠠ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠢᠯᠡᠷᠬᠡᠶᠢᠯᠡᠭᠰᠡᠨ ᠢᠶᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠠᠵᠢᠯ ᠤᠨ ᠰᠡᠳᠬᠢᠴᠡ ᠲᠣᠳᠣᠷᠬᠠᠢ᠂ ᠬᠠᠷᠠᠯᠲᠠ ᠲᠣᠳᠣᠷᠬᠠᠢ᠂ ᠠᠷᠭ᠎ᠠ ᠬᠢᠳᠡᠯ ᠰᠢᠨᠵᠢᠯᠡᠬᠦ ᠤᠬᠠᠭᠠᠨᠴᠢ᠂ ᠣᠳᠣᠬᠠᠨ ᠳᠤ ᠡᠯ᠎ᠡ ᠵᠠᠰᠠᠯᠲᠠ ᠶᠢᠨ ᠣᠷᠣᠨ ᠨᠢᠭᠡᠨᠲᠡ ᠠᠩᠬ᠎ᠠ ᠠᠯᠬᠤᠮ ᠤᠨ ᠦᠷ᠎ᠡ ᠪᠦᠲᠦᠮᠵᠢ ᠣᠯᠵᠠᠢ᠃ ᠢᠯᠠᠩᠭᠤᠶ᠎ᠠ ᠳᠤᠷᠠᠳᠤᠨ ᠭᠠᠷᠭᠠᠭᠰᠠᠨ ᠰᠢᠨ᠎ᠡ ᠡᠨᠧᠷᠭᠢ ᠪᠠᠷ ᠡᠯᠡᠰᠦ ᠶᠢ ᠵᠠᠰᠠᠬᠤ᠂ ᠰᠢᠨᠵᠢᠯᠡᠬᠦ ᠤᠬᠠᠭᠠᠨᠴᠢ ᠪᠠᠷ ᠡᠯᠡᠰᠦ ᠶᠢ ᠵᠠᠰᠠᠬᠤ᠂ ᠣᠯᠠᠨ ᠲᠦᠮᠡᠨ ᠡᠯᠡᠰᠦ ᠶᠢ ᠵᠠᠰᠠᠬᠤ᠂ ᠨᠡᠶᠢᠭᠡᠮ ᠠᠴᠠ ᠡᠯᠡᠰᠦ ᠶᠢ ᠵᠠᠰᠠᠬᠤ ᠪᠠ ᠡᠯᠡᠰᠦ ᠶᠢ ᠵᠠᠰᠠᠬᠤ ᠵᠡᠷᠭᠡ ᠡᠯᠡᠰᠦ ᠶᠢ ᠵᠠᠰᠠᠬᠤ ᠲᠠᠪᠤᠨ ᠵᠦᠢᠯ ᠤᠨ ᠬᠡᠪ ᠵᠠᠭᠪᠤᠷ ᠢᠶᠠᠷ ᠨᠡᠯᠢᠶᠡᠳ ᠥᠨᠳᠥᠷ ᠲᠣᠯᠢᠯᠠᠬᠤ ᠪᠠ ᠰᠤᠷᠤᠯᠴᠠᠬᠤ ᠠᠴᠢ ᠬᠤᠯᠪᠣᠭᠳᠠᠯ ᠲᠠᠢ ᠶᠤᠮ᠃ ᠵᠠᠯᠭᠠᠭᠠᠳ᠂ ᠵᠥᠩ ᠭᠤᠸᠠᠩ ᠾᠧ ᠪᠦᠯᠦᠭᠯᠡᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠯᠤᠭ᠎ᠠ ᠶᠢᠨ ᠨᠡᠪᠲᠡᠷᠡᠯᠴᠡᠭᠡ ᠰᠣᠯᠢᠯᠴᠠᠭ᠎ᠠ ᠪᠠᠨ ᠴᠢᠩᠭᠠᠳᠬᠠᠵᠤ᠂ ᠲᠡᠷᠢᠭᠦᠨ ᠤ ᠲᠤᠷᠰᠢᠯᠭ᠎ᠠ ᠪᠠ ᠠᠷᠭ᠎ᠠ ᠬᠢᠳᠡᠯ ᠢ ᠰᠠᠶᠢᠲᠤᠷ ᠰᠤᠷᠤᠯᠴᠠᠨ ᠰᠠᠶᠢᠲᠤᠷ ᠬᠡᠷᠡᠭᠯᠡᠵᠦ᠂ ᠣᠨᠳᠣᠣ ᠭᠠᠵᠠᠷ ᠲᠤ ᠡᠯᠡᠰᠦ ᠶᠢ ᠵᠠᠰᠠᠬᠤ ᠪᠠ ᠭᠡᠷᠡᠯ ᠴᠡᠨᠡᠭ ᠤᠨ ᠲᠥᠷᠥᠯ ᠵᠦᠢᠯ ᠤᠨ ᠬᠠᠪᠲᠠᠰᠤᠨ ᠳᠣᠣᠷᠠᠬᠢ ᠬᠤᠵᠢᠷᠯᠢᠭ ᠭᠠᠵᠠᠷ ᠢ ᠵᠠᠰᠠᠬᠤ ᠠᠵᠢᠯ ᠢ ᠦᠨᠡᠨ ᠬᠦ ᠰᠠᠶᠢᠲᠤᠷ ᠬᠢᠵᠦ᠂ ᠬᠤᠷᠴᠢᠨ ᠤ ᠡᠯᠡᠰᠦᠷᠬᠡᠭ ᠭᠠᠵᠠᠷ ᠢ ᠰᠥᠨᠥᠭᠡᠬᠦ ᠳᠠᠶᠢᠨ ᠤ ᠢᠯᠠᠯᠲᠠ ᠶᠢ ᠣᠯᠵᠤ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠬᠦ ᠳᠤ ᠳᠤᠮᠳᠠᠳᠤ ᠭᠤᠸᠠᠩ ᠾᠧ ᠴᠥᠮ᠎ᠡ ᠶᠢᠨ ᠬᠤᠪᠢ ᠨᠡᠮᠡᠷᠢ ᠦᠵᠡᠭᠦᠯᠦᠨ᠎ᠡ ᠭᠡᠪᠡ᠃    ᠣᠶᠢᠯᠠᠭᠠᠭᠰᠠᠨ ᠢᠶᠠᠷ᠂ 2024 ᠣᠨ ᠤ ᠡᠬᠢ ᠪᠠᠷ ᠬᠢᠩᠭᠠᠨ ᠠᠶᠢᠮᠠᠭ ᠤᠨ ᠵᠠᠬᠢᠷᠭ᠎ᠠ ᠪᠣᠯᠤᠨ ᠵᠥᠩ ᠭᠤᠸᠠᠩ ᠾᠧ ᠰᠢᠨ᠎ᠡ ᠡᠨᠧᠷᠭᠢ ᠶᠢᠨ ᠥᠪᠥᠷ ᠮᠣᠩᠭᠤᠯ ᠳᠠᠬᠢ ᠬᠤᠪᠢᠶᠠᠷᠢ ᠺᠣᠮᠫᠠᠨᠢ ᠬᠠᠮᠲᠤᠷᠠᠯᠴᠠᠭᠠᠨ ᠤ ᠵᠥᠪᠯᠡᠯᠴᠡᠬᠡᠷ ᠲᠣᠭᠲᠠᠵᠤ᠂ ᠬᠤᠷᠴᠢᠨ ᠤ ᠡᠯᠡᠰᠦᠷᠬᠡᠭ ᠭᠠᠵᠠᠷ ᠤᠨ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠪᠠ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠨᠢᠭᠡ ᠴᠣᠭᠴᠠᠵᠢᠭᠰᠠᠨ ᠲᠥᠷᠥᠯ ᠵᠦᠢᠯ ᠤᠨ ᠲᠣᠭᠤᠷᠢᠨ ᠳᠤ ᠭᠦᠨᠵᠡᠭᠡᠢ ᠬᠠᠮᠲᠤᠷᠠᠯᠴᠠᠭ᠎ᠠ ᠥᠷᠨᠢᠭᠦᠯᠪᠡ᠃ ᠡᠭᠦᠨ ᠳᠤ 2024 ᠣᠨ ᠳᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠢᠯᠢ ᠳᠣᠲᠣᠷ᠎ᠠ 50 ᠲᠦᠮᠡᠨ ᠺᠢᠯᠣᠸᠠᠲ ᠤᠨ ᠰᠠᠯᠬᠢᠨ ᠬᠦᠴᠦᠨ ᠤ ᠴᠠᠬᠢᠯᠭᠠᠨ ᠭᠡᠷᠡᠯ ᠴᠡᠨᠡᠭ ᠤᠨ ᠲᠥᠷᠥᠯ ᠵᠦᠢᠯ ᠢ ᠬᠡᠷᠡᠭᠵᠢᠭᠦᠯᠵᠦ᠂ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ 23 ᠳ᠋ᠦᠩᠰᠢᠭᠤᠷ ᠲᠥᠭᠦᠷᠢᠭ ᠲᠤ ᠬᠦᠷᠴᠦ᠂ 13.5 ᠲᠦᠮᠡᠨ ᠮᠦ ᠡᠯᠡᠰᠦᠷᠬᠡᠭ ᠭᠠᠵᠠᠷ ᠢ ᠪᠦᠬᠦ ᠲᠠᠯ᠎ᠠ ᠪᠠᠷ ᠵᠠᠰᠠᠬᠤ ᠶᠢ ᠪᠡᠶᠡᠯᠡᠭᠦᠯᠦᠨ᠎ᠡ     ᠬᠤᠰᠢᠭᠤᠨ ᠤ ᠨᠠᠮ ᠤᠨ ᠬᠤᠷᠢ᠊ ᠡᠶ᠎ᠡ ᠶᠢᠨ ᠳᠡᠳ᠋ ᠱᠦᠵᠢ᠂ ᠬᠤᠰᠢᠭᠤᠨ ᠳᠠᠷᠤᠭ᠎ᠠ ᠸᠠᠩ ᠬᠠᠢ ᠶᠢᠩ᠂ ᠬᠤᠰᠢᠭᠤᠨ ᠤ ᠨᠠᠮ ᠤᠨ ᠬᠤᠷᠢ᠊ ᠡᠶ᠎ᠡ ᠶᠢᠨ ᠪᠠᠶᠢᠩᠭᠤ ᠶᠢᠨ ᠭᠡᠰᠢᠭᠦᠨ᠂ ᠳᠡᠳ᠋ ᠬᠤᠰᠢᠭᠤᠨ ᠳᠠᠷᠤᠭ᠎ᠠ ᠴᠧᠨ ᠴᠢᠩ ᠬᠤᠸᠠ ᠵᠢᠴᠢ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠨ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号