ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 80 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/8/15
   8 ᠰᠠᠷ᠎ᠠ ᠶᠢᠨ 14 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠠᠢ ᠪᠦᠦ ᠵᠢᠶᠦ᠋ᠨ ᠳᠤᠮᠳᠠᠳᠤ ᠤᠯᠤᠰ ᠤᠨ ᠡᠪ ᠬᠠᠮᠲᠤ ᠨᠠᠮ ᠤᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ 80 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ︵ᠥᠷᠭᠡᠳᠬᠡᠭᠰᠡᠨ︶ ᠬᠤᠷᠠᠯ ᠢ ᠡᠷᠬᠢᠯᠡᠨ ᠬᠤᠷᠠᠯᠳᠤᠭᠤᠯᠪᠠ᠃    ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠢᠴᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠥᠷᠪᠡᠳᠦᠭᠡᠷ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠪᠣᠯᠤᠨ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠪᠤᠨ ᠶᠡᠭᠡ ᠡᠭᠦᠷᠭᠡ᠂ ᠠᠶᠤᠯᠭᠦᠢ ᠦᠢᠯᠡᠳᠪᠦᠷᠢᠯᠡᠯ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠵᠡᠷᠭᠡ ᠲᠠᠯ᠎ᠠ ᠶᠢᠨ ᠠᠵᠢᠯ ᠤᠨ ᠲᠥᠰᠦᠯ ᠢ ᠬᠢᠨᠠᠨ ᠵᠥᠪᠯᠡᠭᠰᠡᠨ ᠪᠥᠭᠡᠳ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠷᠠᠯ ᠠᠴᠠ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠢ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠪᠦᠬᠦ ᠬᠤᠰᠢᠭᠤᠨ ᠤ ᠳᠡᠭᠡᠳᠦ ᠳᠣᠣᠷᠠᠳᠤ ᠱᠠᠲᠤᠨ ᠤ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠢ ᠪᠣᠯᠭᠠᠵᠤ᠂ ᠪᠠᠴᠢᠮ ᠪᠠᠶᠢᠳᠠᠯ ᠢ ᠠᠷᠭᠠᠴᠠᠵᠤ ᠠᠶᠤᠯ ᠠᠴᠠ ᠠᠪᠤᠷᠠᠬᠤ᠂ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠴᠡᠷᠢᠭ ᠠᠴᠠ ᠬᠠᠯᠠᠭᠳᠠᠭᠰᠠᠳ ᠵᠡᠷᠭᠡ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠨᠠᠮ ᠤᠨ ᠭᠠᠳᠠᠨᠠᠬᠢ ᠬᠥᠮᠦᠰ ᠤᠨ ᠦᠢᠯᠡᠳᠦᠯ ᠢ ᠪᠠᠳᠠᠷᠠᠭᠤᠯᠤᠨ᠂ ᠪᠦᠬᠦ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠷᠪᠠᠳᠤᠭᠠᠷ ᠤᠯᠠᠷᠢᠯ ᠤᠨ ︽ᠰᠢᠵᠢᠷ ᠠᠯᠲᠠᠨ ᠬᠤᠭᠤᠴᠠᠭ᠎ᠠ︾ ᠶᠢ ᠰᠢᠪᠲᠤᠯᠵᠤ᠂ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠴᠢᠩᠭ᠎ᠠ ᠠᠳᠬᠤᠨ ᠪᠣᠳᠠᠲᠠᠢ ᠠᠳᠬᠤᠵᠤ ᠨᠠᠷᠢᠯᠢᠭ ᠠᠳᠬᠤᠬᠤ ᠬᠡᠷᠡᠭᠲᠡᠢ᠃    ᠬᠤᠷᠠᠯ ᠠᠴᠠ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠲᠤᠯᠭᠠᠮ᠎ᠠ ᠰᠡᠳᠬᠢᠯᠭᠡ ᠪᠠᠨ ᠴᠢᠩᠭᠠᠳᠬᠠᠵᠤ᠂ ᠡᠯ᠎ᠡ ᠵᠦᠢᠯ ᠤᠨ ᠴᠡᠭᠴᠡᠯᠡᠨ ᠰᠠᠶᠢᠵᠢᠷᠠᠭᠤᠯᠬᠤ ᠠᠵᠢᠯ ᠢ ᠴᠢᠩᠭ᠎ᠠ ᠪᠣᠳᠠᠲᠠᠢ ᠠᠳᠬᠤᠵᠤ᠂ ᠴᠡᠭᠴᠡᠯᠡᠨ ᠰᠠᠶᠢᠵᠢᠷᠠᠭᠤᠯᠬᠤ ᠴᠢᠭᠯᠡᠯ ᠪᠣᠯᠤᠨ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠪᠠᠨ ᠴᠢᠨᠠᠭᠰᠢᠳᠠ ᠲᠣᠳᠣᠷᠬᠠᠶᠢᠯᠠᠵᠤ᠂ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠵᠤ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠪᠠᠷ ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠲᠥᠷᠥᠯ ᠤᠨ ᠡᠬᠢ ᠪᠠᠶᠠᠯᠢᠭ ᠤᠨ ᠬᠦᠴᠦᠨ ᠢ ᠪᠦᠲᠦᠮᠵᠢᠲᠡᠢ ᠨᠡᠶᠢᠳᠬᠡᠵᠦ᠂ ᠲᠤᠰ ᠵᠢᠯ ᠤᠨ ᠲᠠᠪᠤᠨ ᠶᠡᠭᠡ ᠡᠭᠦᠷᠭᠡ ᠶᠢᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠲᠡᠷᠡ ᠶᠣᠰᠣᠭᠠᠷ ᠨᠢ ᠡᠷᠡᠰ ᠪᠡᠶᠡᠯᠡᠭᠦᠯᠵᠦ᠂ ︽ᠵᠢᠷᠭᠤᠭᠠᠨ ᠢᠨᠵᠧᠨᠧᠷᠢᠩ︾ ᠢ ᠡᠮᠬᠢ ᠵᠢᠷᠤᠮ ᠲᠠᠢ ᠬᠡᠷᠡᠭᠵᠢᠭᠦᠯᠵᠦ᠂ ᠰᠢᠰᠲ᠋ᠧᠮ ᠤᠨ ᠦᠵᠡᠯᠲᠡ ᠪᠠᠨ ᠴᠢᠩᠭᠠᠳᠬᠠᠨ᠂ ᠡᠯ᠎ᠡ ᠵᠦᠢᠯ ᠤᠨ ᠡᠭᠦᠷᠭᠡ ᠶᠢᠨ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠤᠷᠤᠭᠰᠢᠯᠠᠬᠤ ᠶᠢ ᠠᠬᠢᠭᠤᠯᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠣᠢ ᠪᠣᠯᠭᠠᠬᠤ ᠡᠨᠡᠬᠦ ᠠᠵᠢᠯ ᠤᠨ ᠭᠤᠣᠯ ᠰᠢᠵᠢᠮ ᠢ ᠪᠠᠷᠢᠮᠲᠠᠯᠠᠵᠤ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠠᠬᠢᠭᠤᠯᠬᠤ ᠬᠡᠷᠡᠭᠲᠡᠢ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠠᠬᠢᠭᠤᠯᠵᠤ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠭᠤᠣᠯᠳᠠᠯᠭ᠎ᠠ ᠲᠠᠢ ᠬᠦᠷᠢᠶ᠎ᠡ ᠪᠣᠯᠤᠨ ᠳᠣᠪᠤᠶᠢᠮ᠎ᠠ ᠠᠰᠠᠭᠤᠳᠠᠯ ᠳᠤ ᠴᠢᠭᠯᠡᠭᠦᠯᠦᠨ᠂ ᠬᠦᠴᠦᠨ ᠢᠶᠠᠨ ᠲᠥᠪᠯᠡᠷᠡᠭᠦᠯᠦᠨ ᠭᠦᠨᠵᠡᠭᠡᠢ ᠴᠡᠭᠴᠡᠯᠡᠨ ᠵᠠᠰᠠᠬᠤ ᠬᠡᠷᠡᠭᠲᠡᠢ᠃    ᠬᠤᠷᠠᠯ ᠠᠴᠠ ᠪᠠᠰᠠ ᠪᠤᠰᠤᠳ ᠵᠦᠢᠯᠡᠰ ᠢ ᠬᠢᠨᠠᠨ ᠵᠥᠪᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号