ᠦᠨᠡᠨᠴᠢ ᠢᠲᠡᠭᠡᠮᠵᠢᠲᠡᠢ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠣᠢ ᠪᠣᠯᠭᠠᠵᠤ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ
ᠨᠡᠶᠢᠲᠡᠯᠡᠭᠰᠡᠨ ᠴᠠᠭ᠄
2024/8/16
   ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠭᠰᠡᠨ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢᠨ ᠰᠢᠨ᠎ᠡ ᠶᠢ ᠲᠠᠰᠤᠷᠠᠯᠲᠠ ᠥᠬᠡᠶ ᠡᠭᠦᠳᠴᠦ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠢᠲᠡᠭᠡᠮᠵᠢ ᠪᠠᠷ ᠭᠠᠷᠳᠠᠴᠠ ᠪᠣᠯᠭᠠᠵᠤ᠂ ᠨᠡᠩ ᠴᠢᠨᠠᠷ ᠰᠠᠶᠢᠲᠠᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠵᠤ᠂ ᠠᠵᠤ ᠠᠬᠤᠢ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ᠦᠨᠡᠨᠴᠢ ᠢᠲᠡᠭᠡᠮᠵᠢ ᠪᠠᠷ ᠰᠠᠭᠤᠷᠢ ᠪᠣᠯᠭᠠᠭᠰᠠᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠢᠨ᠎ᠡ ᠳᠦᠷᠢ ᠲᠥᠷᠬᠦ ᠶᠢ ᠪᠣᠢ ᠪᠣᠯᠭᠠᠪᠠ᠃     ᠣᠶᠢᠷ᠎ᠠ ᠳᠤ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠳ ᠬᠠᠷᠢᠶᠠᠲᠤ ᠣᠷᠣᠨ ᠤ ᠪᠠᠨ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠭᠦᠨᠵᠡᠭᠡᠶᠢᠷᠡᠨ ᠪᠠᠶᠢᠴᠠᠭᠠᠯᠲᠠ ᠬᠢᠵᠦ᠂ ᠠᠵᠤ ᠠᠬᠤᠶᠢᠯᠠᠯ ᠤᠨ ᠬᠠᠮᠢᠶ᠎ᠠ ᠪᠦᠬᠦᠢ ᠦᠨᠡᠮᠯᠡᠯ ᠵᠢᠴᠢ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ᠂ ᠢᠳᠡᠭᠡᠨ ᠤ ᠠᠷᠢᠭᠤᠨ ᠴᠡᠪᠡᠷ ᠤᠨ ᠠᠮᠤᠷ ᠲᠦᠪᠰᠢᠨ ᠵᠡᠷᠭᠡ ᠶᠢ ᠭᠤᠣᠯᠳᠠᠯᠭ᠎ᠠ ᠲᠠᠢ ᠪᠠᠶᠢᠴᠠᠭᠠᠪᠠ᠃ ᠲᠡᠷᠡᠴᠢᠯᠡᠨ ᠦᠨᠡᠨᠴᠢ ᠢᠲᠡᠭᠡᠮᠵᠢᠲᠡᠢ ᠪᠠᠷ ᠡᠵᠡᠩᠨᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠭᠤᠯᠵᠤ᠂ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠪᠠᠶᠢᠭᠠᠳ ᠢᠲᠡᠭᠡᠮᠵᠢ ᠶᠢᠨ ᠦᠵᠡᠯᠲᠡ ᠶᠢ ᠨᠢ ᠴᠢᠩᠭᠠᠷᠠᠭᠤᠯᠵᠤ᠂ ᠦᠨᠡᠨᠴᠢ ᠢᠲᠡᠭᠡᠮᠵᠢᠲᠡᠢ ᠪᠠᠷ ᠡᠵᠡᠩᠨᠡᠭᠦᠯᠬᠦ ᠬᠡᠷᠡᠭᠲᠡᠢ᠃    ︽ᠣᠶᠢᠷ᠎ᠠ ᠳᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠨᠡ ᠬᠦ ︿ᠤᠯᠠᠭᠠᠨ ᠬᠠᠷ᠎ᠠ ᠰᠠᠮᠪᠠᠷ᠎ᠠ﹀ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠨᠢ ᠮᠠᠨ ᠤ ᠠᠵᠤ ᠠᠬᠤᠶᠢᠯᠠᠯ ᠪᠠᠰᠠ ᠤᠯᠠᠭᠠᠨ ᠰᠠᠮᠪᠠᠷ᠎ᠠ ᠳᠤ ᠣᠷᠣᠵᠤ ᠂ ᠠᠵᠤ ᠠᠬᠤᠶᠢᠯᠠᠯ ᠤᠯᠠᠭᠠᠨ ᠰᠠᠮᠪᠠᠷ᠎ᠠ ᠳᠤ ᠤᠷᠤᠭᠰᠠᠨ ᠤ ᠳᠠᠷᠠᠭ᠎ᠠ᠂ ᠮᠢᠨᠦ ᠦᠵᠡᠬᠦ ᠪᠠᠷ ᠮᠠᠰᠢ ᠰᠠᠶᠢᠨ ᠪᠠᠶᠢᠵᠤ᠂ ᠡᠷᠡᠭᠦᠯ ᠬᠠᠮᠠᠭᠠᠯᠠᠯ ᠤᠨ ᠲᠠᠯ᠎ᠠ ᠪᠠᠷ ᠵᠢᠴᠢ ᠠᠵᠤ ᠠᠬᠤᠶᠢᠯᠠᠯ ᠤᠨ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠲᠠᠯ᠎ᠠ ᠪᠠᠷ ᠮᠠᠰᠢ ᠶᠡᠭᠡ ᠳᠡᠭᠡᠭᠰᠢᠯᠡᠯᠲᠡ ᠲᠠᠢ ᠪᠣᠯᠵᠠᠢ᠂ ᠵᠠᠯᠭᠠᠭᠠᠳ ᠮᠠᠨ ᠤ ᠠᠵᠤ ᠠᠬᠤᠶᠢᠯᠠᠯ ᠤᠨ ᠨᠡᠷᠡᠲᠦ ᠲᠡᠮᠳᠡᠭᠲᠦ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠵᠢᠴᠢ ᠠᠵᠤ ᠠᠬᠤᠶᠢᠯᠠᠯ ᠤᠨ ᠢᠲᠡᠭᠡᠯ ᠬᠦᠨᠳᠦ ᠶᠢᠨ ᠬᠡᠮᠵᠢᠶ᠎ᠡ ᠶᠢ ᠳᠡᠭᠡᠭᠰᠢᠯᠡᠭᠦᠯᠬᠦ ᠶᠢᠨ ᠲᠥᠯᠥᠭᠡ᠂ ᠪᠢᠳᠡ ᠨᠡᠩ ᠴᠢᠷᠮᠠᠶᠢᠵᠤ᠂ ᠨᠡᠩ ᠰᠡᠳᠬᠢᠯ ᠲᠠᠯᠪᠢᠵᠤ᠂ ᠨᠢᠭᠡᠨ ᠦᠨᠡᠨᠴᠢ ᠢᠲᠡᠭᠡᠮᠵᠢᠲᠡᠢ ᠡᠵᠡᠩᠨᠡᠯᠲᠡ ᠬᠢᠵᠦ᠂ ᠠᠷᠠᠳ ᠲᠦᠮᠡᠨ ᠢ ᠰᠠᠨᠠᠭ᠎ᠠ ᠠᠮᠤᠷ ᠠᠵᠤ ᠠᠬᠤᠶᠢᠯᠠᠯ ᠪᠣᠯᠤᠨ᠎ᠠ ︾ ᠭᠡᠵᠡᠢ᠃ ᠬᠤᠭᠤᠯᠠ ᠤᠮᠳᠠᠨ ᠤ ᠠᠵᠤ ᠠᠬᠤᠶᠢᠯᠠᠯ ᠤᠨ ᠬᠠᠷᠢᠭᠤᠴᠠᠯᠭᠠᠲᠠᠨ ᠶᠢᠨ ᠱᠤ ᠵᠢᠦᠸᠠᠨ ᠬᠡᠯᠡᠪᠡ᠃    ᠢᠳᠡᠭᠡᠨ ᠤᠮᠳᠠᠭᠠᠨ ᠢ ᠪᠦᠷᠢᠯᠭᠡᠬᠦ ᠶᠢ ᠬᠤᠷᠢᠭᠯᠠᠨ ᠵᠣᠭᠰᠣᠭᠠᠬᠤ ᠲᠤᠰᠬᠠᠢ ᠪᠠᠶᠢᠴᠠᠭᠠᠯᠲᠠ ᠶᠢᠨ ᠳᠤᠮᠳᠠ᠂ ᠠᠵᠢᠯᠲᠠᠳ ᠡᠵᠡᠩᠨᠡᠯᠲᠡ ᠶᠢᠨ ᠨᠢᠭᠡᠴᠡ ᠶᠢᠨ ᠭᠡᠷᠡᠴᠢ ᠦᠨᠡᠮᠯᠡᠯ ᠤᠨ ᠵᠥᠪᠰᠢᠶᠡᠷᠡᠯ ᠪᠠ ᠢᠯᠡ ᠨᠡᠶᠢᠲᠡᠯᠡᠬᠦ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠶᠢᠳᠠᠯ᠂ ᠲᠦᠭᠦᠬᠡᠢ ᠮᠠᠲ᠋ᠧᠷᠢᠶᠠᠯ ᠢ ᠡᠵᠡᠮᠳᠡᠬᠦ᠂ ᠢᠳᠡᠭᠡᠨ ᠤᠮᠳᠠᠭᠠᠨ ᠤ ᠬᠡᠷᠡᠭᠰᠡᠯ ᠢ ᠤᠬᠢᠶᠠᠵᠤ ᠠᠷᠢᠭᠤᠳᠬᠠᠭᠰᠠᠨ ᠪᠠᠶᠢᠳᠠᠯ ᠵᠡᠷᠭᠡ ᠲᠠᠯ᠎ᠠ ᠪᠠᠷ ᠭᠤᠣᠯᠳᠠᠯᠭ᠎ᠠ ᠲᠠᠢ ᠪᠠᠶᠢᠴᠠᠭᠠᠬᠤ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠨᠡᠯᠢᠶᠡᠳ ᠰᠠᠶᠢᠨ ᠪᠥᠭᠡᠳ ᠨᠡᠯᠢᠶᠡᠳ ᠠᠨᠠᠢ ᠢᠳᠡᠭᠡᠨ ᠤᠮᠳᠠᠭᠠᠨ ᠤ ᠡᠵᠡᠩᠨᠡᠯᠲᠡ ᠶᠢᠨ ᠨᠢᠭᠡᠴᠡ ᠳᠤ ᠤᠯᠠᠭᠠᠨ ᠬᠠᠷ᠎ᠠ ᠰᠠᠮᠪᠠᠷ᠎ᠠ ᠭᠠᠷᠭᠠᠭᠰᠠᠨ ᠢ ᠭᠤᠣᠯᠳᠠᠯᠭ᠎ᠠ ᠲᠠᠢ ᠵᠠᠷᠯᠠᠨ ᠨᠡᠶᠢᠲᠡᠯᠡᠪᠡ᠃    ᠶᠤᠸᠡᠢ ᠯᠢ ᠵᠢᠦᠸᠠᠨ ᠪᠣᠯ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠪᠠᠶᠠᠨᠬᠤᠰᠢᠭᠤ ᠪᠠᠯᠭᠠᠰᠤᠨ ᠤ ᠨᠢᠭᠡᠨ ᠢᠳᠡᠭᠡᠨ ᠤᠮᠳᠠᠭᠠᠨ ᠤ ᠬᠤᠳᠠᠯᠳᠤᠭᠠᠨ ᠤ ᠡᠷᠦᠬᠡ ᠶᠢᠨ ᠳᠠᠷᠤᠭ᠎ᠠ ᠮᠥᠨ᠂ ᠪᠠᠶᠢᠴᠠᠭᠠᠯᠲᠠ ᠪᠠᠷ ᠳᠠᠮᠵᠢᠨ᠂ ︽ᠠᠵᠢᠯ ᠲᠥᠷᠥᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠳᠦᠷᠢᠮ︾ ᠢ ᠦᠨᠳᠦᠰᠦᠯᠡᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠭᠦᠨ ᠤ ᠡᠵᠡᠩᠨᠡᠵᠦ ᠪᠠᠶᠢᠭ᠎ᠠ ᠬᠤᠭᠤᠯᠠᠨ ᠭᠡᠷ ᠢ ᠤᠯᠠᠭᠠᠨ ᠰᠠᠮᠪᠠᠷ᠎ᠠ ᠳᠤ ᠣᠷᠣᠭᠤᠯᠤᠭᠰᠠᠨ ᠪᠥᠭᠡᠳ ᠪᠠᠶᠢᠴᠠᠭᠠᠯᠲᠠ ᠬᠢᠬᠦ ᠤᠳᠠᠭ᠎ᠠ ᠶᠢ ᠪᠠᠭᠠᠰᠬᠠᠪᠠ᠃    ︽ᠣᠶᠢᠷ᠎ᠠ ᠳᠤ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢᠭᠡᠨ ︿ᠤᠯᠠᠭᠠᠨ ᠬᠠᠷ᠎ᠠ ᠰᠠᠮᠪᠠᠷ᠎ᠠ﹀ ᠶᠢ ᠨᠡᠶᠢᠲᠡᠯᠡᠪᠡ᠂ ᠮᠢᠨᠦ ᠦᠵᠡᠬᠦ ᠪᠠᠷ ᠶᠡᠭᠡ ᠰᠠᠶᠢᠨ ᠪᠠᠶᠢᠨ᠎ᠠ᠂ ᠪᠢᠳᠡ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠪᠣᠯᠤᠭᠰᠠᠨ ᠤ ᠬᠤᠪᠢ ᠳᠤ᠂ ᠢᠳᠡᠭᠡᠨ ᠤ ᠠᠮᠤᠷ ᠲᠦᠪᠰᠢᠨ ᠢ ᠪᠠᠲᠤᠯᠠᠵᠤ᠂ ᠳᠠᠷᠠᠭ᠎ᠠ ᠨᠢ ᠣᠷᠴᠢᠨ ᠲᠣᠭᠤᠷᠢᠨ ᠪᠠᠷᠢᠮᠵᠢᠶ᠎ᠠ ᠳᠤ ᠬᠦᠷᠴᠦ᠂ ᠣᠷᠴᠢᠨ ᠲᠣᠭᠤᠷᠢᠨ ᠴᠡᠪᠡᠷ ᠪᠠᠶᠢᠵᠤ᠂ ᠬᠡᠷᠡᠭᠯᠡᠭᠴᠢᠳ ᠲᠤ ᠨᠡᠩ ᠰᠠᠶᠢᠨ ᠣᠷᠴᠢᠨ ᠲᠣᠭᠤᠷᠢᠨ ᠬᠠᠩᠭᠠᠬᠤ ᠬᠡᠷᠡᠭᠲᠡᠢ︾ ᠬᠡᠵᠤ ᠦᠢᠯᠡᠳᠪᠦᠷᠢ ᠬᠤᠳᠠᠯᠳᠤᠭᠠᠨ ᠤ ᠡᠷᠦᠬᠡ ᠶᠦᠨ ᠯᠢ ᠵᠢᠦᠸᠠᠨ ᠬᠡᠯᠡᠪᠡ᠃    ᠠᠵᠤ ᠠᠬᠤᠶᠢᠯᠠᠯ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠵᠦ᠂ ᠦᠨᠡᠨᠴᠢ ᠢᠲᠡᠭᠡᠮᠵᠢᠲᠡᠢ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠪᠣᠢ ᠪᠣᠯᠭᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ︽ᠲᠤᠭ᠎ᠠ ᠪᠠᠷᠢᠮᠲᠠ ᠶᠢ ᠴᠤᠭᠯᠠᠭᠤᠯᠤᠨ ᠤᠷᠮᠠᠰᠢᠭᠤᠯᠵᠤ ᠵᠠᠯᠬᠠᠭᠠᠨ ᠴᠡᠭᠡᠷᠯᠡᠭᠦᠯᠬᠦ ᠢᠲᠡᠭᠡᠮᠵᠢ ᠶᠢ ᠰᠡᠷᠭᠦᠭᠡᠬᠦ︾ ᠪᠢᠲᠡᠭᠦᠦ ᠴᠠᠭᠠᠷᠢᠭ ᠤᠨ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠬᠤᠰᠢᠭᠤᠨ ᠤ ᠳᠤᠮᠳᠠ ᠵᠢᠵᠢᠭ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠨᠡᠨᠴᠢ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠪᠠ᠃    ︽ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠠᠶᠢᠭᠤᠯᠤᠯᠲᠠ ᠶᠢᠨ ᠠᠵᠢᠯ ᠢ ᠭᠦᠨᠵᠡᠭᠡᠢ ᠠᠬᠢᠭᠤᠯᠵᠤ᠂ ︿ᠤᠯᠠᠭᠠᠨ ᠬᠠᠷ᠎ᠠ ᠰᠠᠮᠪᠠᠷ᠎ᠠ﹀ ᠶᠢᠨ ᠬᠢᠨᠠᠯᠲᠠ ᠲᠠᠯᠪᠢᠬᠤ ᠰᠢᠰᠲ᠋ᠧᠮ ᠢ ᠰᠢᠨ᠎ᠡ ᠪᠠᠷ ᠡᠭᠦᠳᠦᠨ ᠪᠠᠶᠢᠭᠤᠯᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠵᠦ᠂ ᠮᠠᠨ ᠤ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠦᠢᠯᠡᠳᠦᠯ ᠴᠢᠳᠠᠪᠤᠷᠢ ᠶᠢ ᠳᠡᠭᠡᠭᠰᠢᠯᠡᠭᠦᠯᠪᠡ᠃ ᠡᠭᠦᠨ ᠤ ᠬᠠᠮᠲᠤ᠂ ᠪᠢᠳᠡ ︿ᠢᠲᠡᠭᠡᠮᠵᠢ ᠶᠢ ᠰᠡᠷᠭᠦᠭᠡᠬᠦ﹀ ᠪᠠᠶᠢᠭᠤᠯᠤᠯᠲᠠ ᠶᠢᠨ ᠠᠵᠢᠯ ᠢ ᠠᠬᠢᠭᠤᠯᠵᠤ᠂ ᠠᠵᠤ ᠠᠬᠤᠶᠢᠯᠠᠯ ᠤᠨ ᠥᠪᠡᠷ ᠢ ᠪᠠᠨ ︿ᠰᠡᠷᠭᠦᠭᠡᠬᠦ﹀ ᠶᠢ ᠬᠥᠲᠥᠯᠥᠨ ᠵᠢᠯᠣᠭᠤᠳᠴᠤ᠂ ᠢᠲᠡᠭᠡᠯ ᠠᠯᠳᠠᠭᠰᠠᠨ ᠠᠵᠤ ᠠᠬᠤᠶᠢᠯᠠᠯ ᠢ ᠳᠠᠬᠢᠨ ︿ᠢᠲᠡᠭᠡᠮᠵᠢ ᠶᠢᠨ ᠢᠲᠡᠭᠡᠯ﹀ ᠢ ᠣᠯᠵᠤ᠂ ︿ᠦᠨᠡᠨᠴᠢ ᠢᠲᠡᠭᠡᠮᠵᠢ ᠶᠢᠨ ᠤᠷᠤᠯᠳᠤᠭᠠᠨ ᠤ ᠵᠠᠮ﹀ ᠲᠤ ᠳᠠᠬᠢᠨ ᠪᠤᠴᠠᠭᠠᠬᠤ ᠶᠢ ᠬᠥᠲᠥᠯᠦᠨ ᠵᠢᠯᠣᠭᠤᠳᠪᠠ︾᠃ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ ᠯᠢᠶᠠᠩ ᠶᠢᠨ ᠪᠦᠦ ᠬᠡᠯᠡᠵᠡᠢ᠃    ᠡᠨᠡ ᠵᠢᠯ ᠠᠴᠠ ᠨᠠᠰᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠵᠡᠩᠨᠡᠯᠲᠡ ᠶᠢᠨ ᠬᠡᠪ ᠤᠨ ᠪᠤᠰᠤ ᠨᠡᠷᠡᠰ ᠤᠨ ᠵᠢᠭᠰᠠᠭᠠᠯᠲᠠ ᠶᠢ ᠨᠡᠶᠢᠲᠡ 1134 ᠡᠷᠦᠬᠡ ᠰᠢᠯᠵᠢᠭᠦᠯᠦᠨ ᠭᠠᠷᠭᠠᠵᠤ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠬᠡᠪ ᠤᠨ ᠪᠤᠰᠤ ᠪᠠᠶᠢᠳᠠᠯ ᠤᠨ ᠲᠡᠮᠳᠡᠭᠯᠡᠯ ᠢ ᠰᠡᠷᠭᠦᠭᠡᠵᠦ᠂ 1063 ᠡᠷᠦᠬᠡ ᠶᠢᠨ ᠪᠠᠶᠢᠳᠠᠯ ᠢ ᠰᠡᠷᠭᠦᠭᠡᠵᠦ᠂ ᠬᠠᠤᠯᠢ ᠶᠢ ᠬᠦᠨᠳᠦ ᠨᠣᠴᠢᠲᠠᠢ ᠵᠥᠷᠢᠴᠡᠵᠦ ᠢᠲᠡᠭᠡᠮᠵᠢ ᠠᠯᠳᠠᠭᠰᠠᠨ ᠨᠡᠷᠡᠰ ᠤᠨ ᠵᠢᠭᠰᠠᠭᠠᠯᠲᠠ ᠶᠢ ᠰᠢᠯᠵᠢᠭᠦᠯᠦᠨ ᠭᠠᠷᠭᠠᠵᠤ᠂ ᠨᠡᠶᠢᠲᠡ 36 ᠡᠷᠦᠬᠡ ᠶᠢᠨ ᠢᠲᠡᠭᠡᠮᠵᠢ ᠶᠢ ᠰᠡᠷᠭᠦᠭᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号