ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠮᠡᠳᠡᠯᠭᠡ ᠶᠢ ᠠᠵᠤ ᠠᠬᠤᠶᠢᠯᠠᠯ ᠳᠤ ᠣᠷᠣᠭᠤᠯᠬᠤ ︽ᠪᠦᠬᠦ ᠤᠯᠤᠰ ᠤᠨ ᠠᠮᠢ ᠠᠬᠤᠢ ᠶᠢᠨ ᠡᠳᠦᠷ︾ ᠤᠨ ᠭᠤᠣᠯ ᠰᠡᠳᠦᠪᠲᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2024/8/16
   8 ᠳ᠋ᠤᠭᠠᠷ ᠰᠠᠷ᠎ᠠ ᠶᠢᠨ 15 ᠤ ᠡᠳᠦᠷ ᠪᠣᠯ ︽ᠪᠦᠬᠦ ᠤᠯᠤᠰ ᠤᠨ ᠠᠮᠢ ᠠᠬᠤᠢ ᠶᠢᠨ ᠡᠳᠦᠷ︾ ᠪᠣᠯᠤᠨ᠎ᠠ᠃ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠨᠡᠩ ᠰᠠᠶᠢᠲᠤᠷ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠪᠦᠬᠦ ᠨᠡᠶᠢᠭᠡᠮ ᠤᠨ ᠠᠮᠢ ᠠᠬᠤᠢ ᠶᠢᠨ ᠪᠣᠯᠪᠠᠰᠤᠨ ᠤ ᠤᠬᠠᠮᠰᠠᠷ ᠢ ᠳᠡᠭᠡᠭᠰᠢᠯᠡᠭᠦᠯᠦᠨ᠂ ᠪᠦᠬᠦ ᠠᠷᠠᠳ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠴᠢᠩᠭᠠᠳᠬᠠᠬᠤ ᠶᠢᠨ ᠲᠥᠯᠥᠭᠡ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠬᠤᠰᠢᠭᠤᠨ ᠤ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠴᠢᠶ᠎ᠠ ᠲᠠᠢ ᠬᠠᠮᠲᠤᠷᠠᠨ ︽ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ ᠦᠭᠡᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠬᠦ︾ ᠭᠤᠣᠯ ᠰᠡᠳᠦᠪ ᠤᠨ ᠲᠣᠭᠤᠷᠢᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠬᠠᠤᠯᠢ ᠴᠠᠭᠠᠵᠠ ᠶᠢᠨ ᠮᠡᠳᠡᠯᠭᠡ ᠶᠢ ᠠᠵᠤ ᠠᠬᠤᠶᠢᠯᠠᠯ ᠳᠤ ᠣᠷᠣᠭᠤᠯᠬᠤ ᠤᠬᠠᠭᠤᠯᠭ᠎ᠠ ᠶᠢᠨ ᠠᠵᠢᠯᠯᠠᠭ᠎ᠠ ᠶᠢ ᠥᠷᠨᠢᠭᠦᠯᠵᠦ᠂ ᠠᠵᠤ ᠠᠬᠤᠶᠢᠯᠠᠯ ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠦᠢᠯᠡᠳᠪᠦᠷᠢᠯᠡᠯ ᠢ ᠠᠬᠢᠭᠤᠯᠪᠠ᠃    ᠠᠵᠢᠯᠯᠠᠭ᠎ᠠ ᠶᠢᠨ ᠳᠤᠮᠳᠠ᠂ ᠠᠵᠢᠯᠲᠠᠳ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠵᠢᠩ ᠺᠧ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠱᠠᠨ ᠱᠦᠢ ᠱᠦᠢᠨᠢ ᠶᠢᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠶᠢᠨ ᠭᠧ ᠯᠧ ᠢᠳᠡᠭᠡᠨ ᠤ ᠬᠢᠵᠠᠭᠠᠷᠲᠤ ᠺᠣᠮᠫᠠᠨᠢ ᠳᠤ ᠬᠦᠷᠴᠦ᠂ ᠠᠵᠤ ᠠᠬᠤᠶᠢᠯᠠᠯ ᠳᠤ ︽ᠪᠦᠬᠦ ᠤᠯᠤᠰ ᠤᠨ ᠠᠮᠢ ᠠᠬᠤᠢ ᠶᠢᠨ ᠡᠳᠦᠷ︾ ᠤᠨ ᠤᠬᠠᠭᠤᠯᠭ᠎ᠠ ᠶᠢᠨ ᠵᠠᠷᠯᠠᠯ ᠨᠠᠭᠠᠵᠤ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠮᠢᠶ᠎ᠠ ᠪᠦᠬᠦᠢ ᠮᠡᠳᠡᠯᠭᠡ ᠶᠢᠨ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ ᠶᠢᠨ ᠬᠠᠮᠲᠤ ᠤᠬᠠᠭᠤᠯᠭ᠎ᠠ ᠶᠢᠨ ᠭᠤᠣᠯᠳᠠᠯᠭ᠎ᠠ ᠲᠠᠢ ᠠᠭᠤᠯᠭ᠎ᠠ ᠳᠤ ᠲᠠᠶᠢᠯᠤᠮᠵᠢ ᠬᠢᠵᠦ᠂ ᠠᠵᠤ ᠠᠬᠤᠶᠢᠯᠠᠯ ᠤᠨ ᠠᠵᠢᠯᠲᠠᠨ ᠠᠵᠢᠯᠴᠢᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠤᠨ ᠲᠤᠬᠠᠢ ᠣᠶᠢᠯᠠᠭᠠᠯᠲᠠ ᠪᠠ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠦᠵᠡᠯ ᠰᠠᠨᠠᠭᠠᠨ ᠤ ᠤᠬᠠᠮᠰᠠᠷ ᠪᠠ ᠠᠵᠢᠯᠯᠠᠭᠠᠨ ᠤ ᠤᠬᠠᠮᠰᠠᠷ ᠢ ᠴᠢᠩᠭᠠᠳᠬᠠᠪᠠ᠃    ︽ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠪᠦᠬᠦ ᠲᠠᠯ᠎ᠠ ᠪᠠᠷ ᠠᠷᠪᠢᠯᠠᠬᠤ ᠪᠠᠶᠢᠯᠳᠤᠬᠤ ᠪᠣᠳᠣᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠤᠶᠢᠰᠢᠳᠠ ᠮᠠᠨ ᠤ ᠺᠣᠮᠫᠠᠨᠢ ᠪᠦᠬᠦ ᠠᠵᠢᠯᠲᠠᠨ ᠠᠵᠢᠯᠴᠢᠨ ᠤ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠪᠠ ᠪᠣᠬᠢᠷᠲᠤᠯ ᠦᠭᠡᠢ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠶᠢᠨ ᠳᠤᠮᠳᠠᠬᠢ ᠬᠥᠲᠥᠯᠥᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠢᠶᠠᠨ ᠤᠯᠠᠮ ᠨᠢᠭᠡ ᠠᠯᠬᠤᠮ ᠪᠠᠳᠠᠷᠠᠭᠤᠯᠵᠤ᠂ ᠠᠵᠢᠯᠲᠠᠨ ᠠᠵᠢᠯᠴᠢᠨ ᠤ ᠠᠮᠢ ᠠᠬᠤᠢ ᠶᠢᠨ ᠪᠣᠯᠪᠠᠰᠤᠨ ᠤ ᠤᠯᠠᠮᠵᠢᠯᠠᠭᠴᠢ ᠪᠠ ᠵᠢᠱᠢᠶᠡᠴᠢ ᠦᠢᠯᠡᠳᠦᠯᠭᠡᠵᠢᠭᠦᠯᠦᠭᠴᠢ ᠪᠣᠯᠬᠤ ᠪᠠᠷ ᠢᠳᠡᠪᠬᠢᠲᠡᠢ ᠴᠢᠷᠮᠠᠶᠢᠬᠤ ᠶᠢ ᠵᠣᠷᠢᠭᠵᠢᠭᠤᠯᠤᠨ᠎ᠠ ︾ ᠭᠡᠵᠡᠢ᠃ ᠥᠪᠥᠷ ᠮᠣᠩᠭᠤᠯ ᠤᠨ ᠡᠨᠧᠷᠭᠢ ᠪᠠᠷ ᠴᠠᠬᠢᠯᠭᠠᠨ ᠭᠠᠷᠭᠠᠬᠤ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠴᠠᠬᠢᠯᠭᠠᠨ ᠭᠠᠷᠭᠠᠬᠤ ᠬᠢᠵᠠᠭᠠᠷᠲᠤ ᠺᠣᠮᠫᠠᠨᠢ ᠶᠢᠨ ᠲᠥᠬᠦᠭᠡᠷᠦᠮᠵᠢ ᠶᠢᠨ ᠬᠡᠯᠲᠡᠰ ᠤᠨ ᠳᠠᠷᠤᠭ᠎ᠠ᠂ ᠨᠠᠮ ᠤᠨ ᠡᠭᠦᠷ ᠤᠨ ᠱᠦᠵᠢ ᠰᠢᠦᠢ ᠳ᠋ᠦᠩ ᠱᠧᠩ ᠬᠡᠯᠡᠪᠡ᠃    ᠡᠭᠦᠨ ᠤ ᠬᠠᠮᠲᠤ᠂ ᠠᠵᠢᠯᠲᠠᠳ ᠡᠩ ᠤᠨ ᠦᠶ᠎ᠡ ᠳᠤ ᠬᠠᠤᠯᠢ ᠬᠡᠷᠡᠭᠵᠢᠭᠦᠯᠬᠦ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠪᠠ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠠᠵᠤ ᠠᠬᠤᠶᠢᠯᠠᠯ ᠳᠤ ᠭᠠᠷᠴᠤ ᠮᠡᠳᠡᠬᠦ ᠠᠮᠢ ᠠᠬᠤᠢ ᠶᠢᠨ ᠣᠷᠴᠢᠨ ᠲᠣᠭᠤᠷᠢᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠰᠡᠷᠡᠮᠵᠢ ᠪᠠ ᠰᠠᠨᠠᠭᠤᠯᠭ᠎ᠠ ᠥᠭᠴᠦ᠂ ᠦᠷᠭᠦᠯᠵᠢ ᠲᠣᠬᠢᠶᠠᠯᠳᠤᠳᠠᠭ ᠠᠮᠢ ᠠᠬᠤᠢ ᠶᠢᠨ ᠣᠷᠴᠢᠨ ᠲᠣᠭᠤᠷᠢᠨ ᠤ ᠪᠣᠬᠢᠷᠲᠤᠯ ᠢ ᠰᠡᠷᠭᠡᠶᠢᠯᠡᠨ ᠵᠠᠰᠠᠬᠤ ᠱᠠᠭᠠᠷᠳᠠᠯᠭ᠎ᠠ ᠵᠢᠴᠢ ᠠᠷᠭ᠎ᠠ ᠬᠡᠮᠵᠢᠶ᠎ᠡ ᠶᠢᠨ ᠲᠤᠬᠠᠢ ᠨᠠᠷᠢᠨ ᠲᠠᠶᠢᠯᠤᠮᠵᠢ ᠬᠢᠵᠦ᠂ ᠠᠵᠤ ᠠᠬᠤᠶᠢᠯᠠᠯ ᠢ ᠬᠠᠪᠰᠤᠷᠤᠨ ᠠᠮᠢ ᠠᠬᠤᠢ ᠶᠢᠨ ᠣᠷᠴᠢᠨ ᠲᠣᠭᠤᠷᠢᠨ ᠤ ᠠᠰᠠᠭᠤᠳᠠᠯ ᠢ ᠨᠡᠩ ᠰᠠᠶᠢᠲᠤᠷ ᠰᠢᠢᠳᠪᠦᠷᠢᠯᠡᠵᠦ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠣᠶᠢᠯᠠᠭᠠᠭᠳᠠᠬᠤᠨ ᠢ ᠦᠢᠯᠡᠳᠦᠯᠭᠡᠵᠢᠭᠦᠯᠬᠦ ᠠᠷᠭ᠎ᠠ ᠶᠢ ᠦᠢᠯᠡᠳᠦᠯᠭᠡᠵᠢᠭᠦᠯᠪᠡ᠃    ︽ᠪᠢᠳᠡ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠣᠯᠠᠨ ᠨᠡᠶᠢᠲᠡ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠤᠬᠠᠮᠰᠠᠷ ᠢ ᠴᠢᠷᠮᠠᠶᠢᠨ ᠳᠡᠭᠡᠭᠰᠢᠯᠡᠭᠦᠯᠵᠦ᠂ ᠪᠦᠬᠦ ᠨᠡᠶᠢᠭᠡᠮ ᠢᠶᠠᠷ ᠢᠶᠠᠨ ᠠᠮᠢ ᠠᠬᠤᠢ ᠶᠢᠨ ᠬᠠᠮᠠᠭᠠᠯᠠᠯᠲᠠ ᠳᠤ ᠬᠠᠮᠲᠤᠪᠠᠷ ᠣᠷᠣᠯᠴᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠪᠠ᠃ ᠢᠷᠡᠭᠡᠳᠦᠢ ᠳᠤ ᠂ ᠪᠢᠳᠡ ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠢ ᠦᠷᠭᠦᠯᠵᠢᠯᠡᠨ ᠪᠠᠷᠢᠮᠲᠠᠯᠠᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠶᠢᠨ ᠰᠢᠨ᠎ᠡ ᠠᠷᠭ᠎ᠠ ᠵᠠᠮ ᠢ ᠲᠠᠰᠤᠷᠠᠯᠲᠠ ᠦᠭᠡᠢ ᠰᠦᠪᠡᠭᠴᠢᠯᠡᠵᠦ᠂ ᠨᠡᠩ ᠡᠷᠡᠰ ᠪᠠᠲᠤ ᠵᠣᠷᠢᠭ᠂ ᠨᠡᠩ ᠬᠦᠴᠦᠲᠡᠢ ᠠᠷᠭ᠎ᠠ ᠬᠡᠮᠵᠢᠶ᠎ᠡ ᠪᠣᠯᠤᠨ ᠨᠡᠩ ᠪᠣᠳᠠᠲᠠᠢ ᠶᠢ ᠡᠷᠬᠢᠮᠯᠡᠬᠦ ᠰᠤᠷᠲᠠᠯ ᠢᠶᠠᠷ ᠠᠮᠢ ᠠᠬᠤᠢ ᠶᠢᠨ ᠬᠠᠮᠠᠭᠠᠯᠠᠯᠲᠠ ᠪᠣᠯᠤᠨ ᠪᠣᠬᠢᠷᠲᠤᠯ ᠦᠭᠡᠢ ᠬᠥᠭᠵᠢᠯᠲᠡ ᠶᠢᠨ ᠨᠡᠩ ᠶᠡᠭᠡ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ︾ ᠭᠡᠵᠦ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠴᠢᠨ ᠲᠣᠭᠤᠷᠢᠨ ᠤ ᠪᠡᠯᠡ ᠣᠷᠣᠭᠤᠯᠤᠯᠲᠠ ᠶᠢᠨ ᠲᠠᠰᠤᠭ ᠤᠨ ᠳᠠᠷᠤᠭ᠎ᠠ ᠳ᠋ᠠᠢ ᠢᠦᠢ ᠯᠢᠶᠠᠩ ᠬᠡᠯᠡᠪᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号