ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2024/8/18
    8 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ᠂ ᠪᠡᠭᠡᠵᠢᠩ ᠬᠤᠲᠠ ᠶᠢᠨ ᠬᠠᠢ ᠳ᠋ᠢᠶᠠᠨ ᠲᠣᠭᠤᠷᠢᠭ ᠤᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠪᠠᠶᠢᠴᠠᠭᠠᠨ ᠰᠤᠳᠤᠯᠤᠯᠲᠠ ᠬᠢᠪᠡ᠃    ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠦᠩ ᠶᠢᠩ ᠪᠣᠬᠢᠷᠲᠤᠯ ᠦᠭᠡᠢ ᠪᠤᠷᠴᠠᠭ ᠤᠨ ᠲᠥᠷᠥᠯ ᠤᠨ ᠬᠢᠵᠠᠭᠠᠷᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠣᠷᠢᠨ ᠬᠤᠭᠤᠷ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠥᠪᠥᠷ ᠮᠣᠩᠭᠤᠯ ᠤᠨ ᠡᠯ ᠯᠦᠩ ᠳᠦᠨ ᠣᠷᠭᠠᠨᠢᠭ ᠲᠠᠷᠢᠶᠠᠯᠠᠩ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠮᠦᠽᠧᠢ᠂ ᠥᠪᠥᠷ ᠮᠣᠩᠭᠤᠯ ᠤᠨ ᠶᠤᠸᠠᠨ ᠲᠤᠤ ᠡᠯᠧᠺᠳ᠋ᠷᠣᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠲᠤ ᠺᠣᠮᠫᠠᠨᠢ ᠵᠡᠷᠭᠡ ᠭᠠᠵᠠᠷ ᠢᠶᠠᠷ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠬᠤ ᠶᠠᠪᠤᠴᠠ ᠳᠠᠬᠢ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ᠂ ᠣᠨᠴᠠᠯᠢᠭᠲᠤ ᠠᠵᠤ ᠦᠢᠯᠡᠰ᠂ ᠡᠯᠧᠺᠳ᠋ᠷᠣᠨ ᠬᠤᠳᠠᠯᠳᠤᠭᠠᠨ ᠤ ᠶᠠᠪᠤᠳᠠᠯ ᠵᠡᠷᠭᠡ ᠬᠥᠭᠵᠢᠯᠲᠡ ᠶᠢᠨ ᠪᠠᠶᠢᠳᠠᠯ ᠢ ᠨᠠᠷᠢᠨ ᠣᠶᠢᠯᠠᠭᠠᠪᠠ᠃    ᠪᠠᠶᠢᠴᠠᠭᠠᠨ ᠰᠤᠳᠤᠯᠬᠤ ᠳᠤᠭᠤᠶᠢᠯᠠᠩ ᠠᠴᠠ ᠵᠢᠭᠠᠵᠤ ᠭᠠᠷᠭᠠᠭᠰᠠᠨ ᠨᠢ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠲᠤᠰ ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠳᠠᠭᠠᠨ ᠲᠦᠰᠢᠭᠯᠡᠨ᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠣᠷᠣᠨ ᠨᠤᠲᠤᠭ ᠤᠨ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠬᠤ ᠶᠢᠨ ᠬᠠᠮᠲᠤ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠲᠠᠪᠴᠠᠩ ᠢ ᠠᠰᠢᠭᠯᠠᠨ᠂ ᠪᠣᠷᠣᠯᠠᠭᠤᠯᠭ᠎ᠠ ᠶᠢᠨ ᠠᠷᠭ᠎ᠠ ᠵᠠᠮ ᠢᠶᠠᠨ ᠥᠷᠭᠡᠳᠬᠡᠵᠦ᠂ ᠨᠡᠷᠡᠲᠦ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠢᠶᠠᠨ ᠥᠷᠭᠡᠳᠬᠡᠨ᠎ᠡ᠃ ᠰᠣᠶᠣᠯ ᠤᠨ ᠤᠯᠠᠮᠵᠢᠯᠠᠯ ᠤᠨ ᠲᠠᠯ᠎ᠠ ᠪᠠᠷ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤ ᠰᠣᠶᠣᠯ ᠢᠶᠠᠷ ᠵᠢᠭᠤᠯᠴᠢᠯᠠᠯ ᠢ ᠠᠬᠢᠭᠤᠯᠵᠤ᠂ ᠤᠯᠠᠮᠵᠢᠯᠠᠯᠲᠤ ᠰᠣᠶᠣᠯ ᠬᠢᠭᠡᠳ ᠵᠢᠭᠤᠯᠴᠢᠯᠠᠯ ᠤᠨ ᠡᠬᠢ ᠪᠠᠶᠠᠯᠢᠭ ᠢ ᠠᠭᠤᠰᠤᠯᠴᠠᠭᠤᠯᠵᠤ᠂ ᠵᠢᠭᠤᠯᠴᠢᠯᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠬᠦ ᠶᠢᠨ ᠬᠠᠮᠲᠤ ᠡᠷᠭᠢᠨ ᠲᠣᠭᠤᠷᠢᠨ ᠤ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠪᠠ᠃ ᠬᠠᠶᠢᠳᠢᠶᠠᠨ ᠲᠣᠭᠤᠷᠢᠭ ᠨᠢ ᠦᠷᠭᠦᠯᠵᠢᠯᠡᠨ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠵᠤ ᠦᠢᠯᠡᠰ ᠤᠨ ᠬᠥᠭᠵᠢᠯᠲᠡ ᠳᠤ ᠲᠠᠪᠴᠠᠩ ᠪᠠᠶᠢᠭᠤᠯᠵᠤ᠂ ᠡᠯ᠎ᠡ ᠲᠥᠷᠥᠯ ᠤᠨ ᠣᠨᠴᠠᠯᠢᠭᠲᠤ ᠪᠦᠲᠦᠭᠡᠭᠳᠡᠬᠦᠨ ᠢ ᠪᠡᠭᠡᠵᠢᠩ ᠳᠤ ᠣᠷᠣᠭᠤᠯᠤᠨ ᠪᠣᠷᠣᠯᠠᠭᠤᠯᠬᠤ ᠶᠢ ᠠᠬᠢᠭᠤᠯᠬᠤ ᠶᠢᠨ ᠬᠠᠮᠲᠤ ᠵᠢᠭᠤᠯᠴᠢᠯᠠᠯ ᠤᠨ ᠺᠣᠮᠫᠠᠨᠢ ᠲᠠᠢ ᠬᠠᠮᠲᠤᠷᠠᠯᠴᠠᠬᠤ ᠪᠠᠷ ᠳᠠᠮᠵᠢᠨ᠂ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠤᠨ᠎ᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号