ᠪᠠᠶᠠᠨᠨᠠᠭᠤᠷ ᠰᠤᠮᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
   8 ᠰᠠᠷ᠎ᠠ ᠶᠢᠨ 15 ᠤ ᠡᠳᠦᠷ᠂ ᠪᠠᠶᠠᠨᠨᠠᠭᠤᠷ ᠰᠤᠮᠤ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠰᠤᠮᠤᠨ ᠤ ᠨᠠᠮ ᠤᠨ ᠬᠤᠷᠢᠶᠠᠨ ᠤ ᠱᠦᠵᠢ ᠪᠦᠦ ᠶᠠᠨ ᠴᠦᠨ ᠬᠤᠷᠠᠯ ᠢ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠭᠠᠴᠠᠭᠠᠨ ᠤ ᠱᠦᠵᠢ ᠬᠤᠷᠠᠯ ᠳᠤ ᠣᠷᠣᠯᠴᠠᠪᠠ᠃    ᠬᠤᠷᠠᠯ ᠠᠴᠠ ᠪᠦᠬᠦ ᠰᠤᠮᠤᠨ ᠤ ᠣᠳᠣᠬᠠᠨ ᠤ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠳᠠᠬᠢᠨ ᠱᠠᠯᠠᠪᠳᠠᠭᠤᠯᠵᠤ᠂ ᠳᠠᠬᠢᠨ ᠪᠠᠶᠢᠷᠢᠯᠠᠭᠤᠯᠵᠤ᠂ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠪᠠᠷᠢᠮᠵᠢᠶ᠎ᠠ ᠪᠠᠷ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠪᠠ᠃    ᠬᠤᠷᠠᠯ ᠠᠴᠠ᠂ ᠨᠢᠭᠡ ᠳᠤ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠬᠦ ᠬᠡᠷᠡᠭᠲᠡᠢ᠃ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠠᠶᠢᠳᠠᠯ ᠤᠨ ᠬᠦᠨᠳᠦ ᠨᠣᠴᠢᠲᠠᠢ ᠴᠢᠨᠠᠷ᠂ ᠴᠢᠬᠤᠯᠠ ᠴᠢᠨᠠᠷ ᠢ ᠰᠡᠷᠭᠡᠭ ᠢᠶᠠᠷ ᠲᠠᠨᠢᠵᠤ᠂ ᠰᠡᠷᠭᠡᠭ ᠪᠠᠶᠢᠵᠤ᠂ ᠲᠣᠭᠲᠠᠯ ᠬᠦᠴᠦᠨ ᠢᠶᠠᠨ ᠪᠠᠲᠤᠯᠠᠵᠤ᠂ ᠳᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠵᠤ᠂ ᠨᠢᠭᠡ ᠪᠦᠯᠦᠭ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠦᠨᠡᠨ ᠬᠦ ᠰᠢᠢᠳᠪᠦᠷᠢᠯᠡᠬᠦ ᠬᠡᠷᠡᠭᠲᠡᠢ᠃ ᠬᠤᠶᠠᠷ ᠲᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ᠃ ᠡᠯ᠎ᠡ ᠭᠤᠣᠯᠳᠠᠯᠭ᠎ᠠ ᠲᠠᠢ ᠬᠦᠷᠢᠶ᠎ᠡ ᠴᠠᠷᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠵᠠᠩᠭᠢᠯᠠᠭ᠎ᠠ ᠶᠢᠨ ᠠᠵᠢᠯ ᠤᠨ ᠪᠠᠶᠢᠷᠢ᠂ ᠵᠠᠩᠭᠢᠯᠠᠭ᠎ᠠ ᠶᠢᠨ ᠭᠤᠭᠴᠤᠭ᠎ᠠ ᠶᠢ ᠴᠢᠩᠭ᠎ᠠ ᠠᠩᠬᠠᠷᠴᠤ᠂ ᠡᠯ᠎ᠡ ᠭᠠᠴᠠᠭᠠᠨ ᠤ ᠱᠦᠵᠢ ᠲᠥᠪᠯᠡᠷᠡᠭᠦᠯᠦᠨ ᠴᠡᠭᠴᠡᠯᠡᠨ ᠵᠠᠰᠠᠬᠤ ᠭᠤᠣᠯ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠬᠤᠪᠢᠳᠠᠨ ᠬᠠᠮᠢᠶᠠᠷᠴᠤ ᠪᠠᠶᠢᠭ᠎ᠠ ᠬᠦᠷᠢᠶ᠎ᠡ ᠴᠠᠷᠠᠭ᠎ᠠ ᠶᠢᠨ ᠢᠶᠠᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠪᠡᠶ᠎ᠡ ᠪᠠᠷ ᠢᠶᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ᠡᠮᠦᠨ᠎ᠡ ᠨᠢ ᠬᠢᠵᠦ᠂ ᠥᠪᠡᠷ ᠢᠶᠠᠨ ᠪᠠᠶᠢᠴᠠᠭᠠᠬᠤ ᠶᠢ ᠢᠳᠡᠪᠬᠢᠲᠡᠢ ᠥᠷᠨᠢᠭᠦᠯᠵᠦ᠂ ᠵᠣᠬᠢᠴᠠᠭᠤᠯᠤᠨ ᠬᠠᠮᠵᠢᠯᠴᠠᠬᠤ ᠶᠢ ᠰᠠᠶᠢᠲᠤᠷ ᠬᠢᠵᠦ᠂ ᠵᠢᠭᠰᠠᠭᠠᠨ ᠪᠠᠶᠢᠴᠠᠭᠠᠬᠤ ᠶᠢᠨ ᠳᠠᠭᠠᠤ ᠴᠡᠭᠴᠡᠯᠡᠨ ᠰᠠᠶᠢᠵᠢᠷᠠᠭᠤᠯᠬᠤ ᠶᠢ ᠪᠠᠷᠢᠮᠲᠠᠯᠠᠵᠤ᠂ ᠴᠡᠭᠴᠡᠯᠡᠨ ᠵᠠᠰᠠᠬᠤ ᠦᠷ᠎ᠡ ᠪᠦᠲᠦᠮᠵᠢ ᠶᠢ ᠪᠦᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ᠂ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠴᠡᠭᠴᠡᠯᠡᠨ ᠵᠠᠰᠠᠬᠤ ᠶᠢ ᠤᠷᠤᠭᠰᠢᠲᠠᠢ ᠪᠠᠶᠢᠯᠭᠠᠬᠤ ᠶᠢ ᠪᠠᠲᠤᠯᠠᠪᠠ᠃ ᠡᠯ᠎ᠡ ᠭᠠᠴᠠᠭᠠᠨ ᠤ ᠨᠠᠮ ᠤᠨ ᠡᠭᠦᠷ ᠨᠢ ᠨᠠᠮ ᠤᠨ ᠡᠭᠦᠷ ᠤᠨ ᠭᠡᠰᠢᠭᠦᠳ ᠤᠨ ᠬᠤᠷᠠᠯ ᠪᠠ ᠨᠠᠮ ᠤᠨ ᠭᠡᠰᠢᠭᠦᠳ ᠤᠨ ᠶᠡᠭᠡ ᠬᠤᠷᠠᠯ ᠬᠤᠷᠠᠯᠳᠤᠭᠤᠯᠬᠤ ᠪᠠᠷ ᠳᠠᠮᠵᠢᠭᠤᠯᠤᠨ ᠂ ᠳᠡᠭᠡᠳᠦ ᠱᠠᠲᠤᠨ ᠤ ᠬᠠᠮᠢᠶ᠎ᠠ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠴᠠᠭ ᠲᠤᠬᠠᠢ ᠳᠤᠨᠢ ᠤᠯᠠᠮᠵᠢᠯᠠᠨ ᠰᠤᠷᠤᠯᠴᠠᠬᠤ ᠶᠢᠨ ᠬᠠᠮᠲᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠤ᠂ ᠨᠠᠮ ᠤᠨ ᠭᠡᠰᠢᠭᠦᠨ ᠺᠠᠳ᠋ᠷᠴᠤᠳ ᠤᠨ ᠦᠵᠡᠯ ᠰᠠᠨᠠᠭᠠᠨ ᠤ ᠭᠦᠨ ᠳᠤ ︽ᠠᠷᠠᠳ ᠤᠨ ᠲᠥᠯᠥᠭᠡ ᠪᠣᠳᠠᠲᠠᠢ ᠶᠢ ᠡᠷᠬᠢᠮᠯᠡᠬᠦ᠂ ᠠᠷᠢᠭᠤᠨ ᠴᠢᠬᠡᠴᠢ ᠪᠠᠶᠢᠬᠤ︾ ᠦᠵᠡᠯ ᠤᠬᠠᠮᠰᠠᠷ ᠢ ᠪᠠᠲᠤ ᠪᠠᠬᠢ ᠪᠣᠢ ᠪᠣᠯᠭᠠᠵᠤ᠂ ᠤᠬᠠᠮᠰᠠᠷ ᠠᠴᠠ ᠪᠠᠨ ︽ᠤᠯᠠᠭᠠᠨ ᠱᠤᠭᠤᠮ︾ ︽ᠥᠨᠳᠥᠷ ᠳᠠᠷᠤᠯᠲᠠᠲᠤ ᠤᠲᠠᠰᠤ︾ ᠠᠴᠠ ᠬᠤᠯᠠ ᠪᠠᠶᠢᠬᠤ ᠶᠢ ᠪᠡᠶᠡᠯᠡᠭᠦᠯᠬᠦ ᠬᠡᠷᠡᠭᠲᠡᠢ᠃ ᠡᠭᠦᠨ ᠤ ᠬᠠᠮᠲᠤ ᠡᠯ᠎ᠡ ᠭᠠᠴᠠᠭ᠎ᠠ ︽ᠨᠠᠮ ᠤᠨ ᠶᠠᠪᠤᠳᠠᠯ᠂ ᠲᠣᠰᠬᠤᠨ ᠤ ᠶᠠᠪᠤᠳᠠᠯ᠂ ᠡᠳ᠋ ᠤᠨ ᠶᠠᠪᠤᠳᠠᠯ︾ ᠢ ᠴᠠᠭ ᠲᠤᠬᠠᠢ ᠳᠤᠨᠢ ᠢᠯᠡ ᠪᠣᠯᠭᠠᠵᠤ᠂ ᠣᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠢᠯᠡ ᠲᠣᠳᠣ᠂ ᠦᠷ᠎ᠡ ᠪᠦᠲᠦᠮᠵᠢ ᠣᠯᠵᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯᠯᠠᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠢ ᠭᠡᠵᠡᠢ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号