ᠭᠤᠣᠯ ᠤᠨ ᠪᠠᠶᠢᠰᠢᠩ ᠪᠠᠯᠭᠠᠰᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ
ᠨᠡᠶᠢᠲᠡᠯᠡᠭᠰᠡᠨ ᠴᠠᠭ᠄
2024/8/19
  ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠠᠷᠠᠳ ᠣᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠦᠨᠡᠨ ᠬᠦ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠶᠢᠨ ᠡᠳᠦᠷ ᠤᠳ ᠲᠤ᠂ ᠭᠤᠣᠯ ᠤᠨ ᠪᠠᠶᠢᠰᠢᠩ ᠪᠠᠯᠭᠠᠰᠤ ᠪᠦᠬᠦ ᠪᠠᠯᠭᠠᠰᠤᠨ ᠤ ᠬᠡᠪᠴᠢᠶᠡᠨ ᠳᠤ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠬᠠᠤᠯᠢ ᠠᠴᠠ ᠵᠥᠷᠢᠴᠡᠭᠰᠡᠨ ᠠᠰᠠᠭᠤᠳᠠᠯ ᠢ ᠴᠡᠭᠴᠡᠯᠡᠨ ᠵᠠᠰᠠᠬᠤ ᠠᠵᠢᠯᠯᠠᠭ᠎ᠠ ᠶᠢ ᠯᠠᠪᠳᠠᠭᠤᠨ ᠪᠠᠲᠤᠲᠠᠢ ᠥᠷᠨᠢᠭᠦᠯᠪᠡ᠃    ᠦᠵᠡᠯ ᠰᠠᠨᠠᠭ᠎ᠠ ᠲᠠᠨᠢᠯᠲᠠ ᠪᠠᠨ ᠳᠡᠭᠡᠭᠰᠢᠯᠡᠭᠦᠯᠵᠦ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠎ᠠ᠃ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶᠡᠨ ᠳᠠᠬᠢ ᠲᠤᠰᠬᠠᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠤᠷᠠᠯ ᠢ ᠴᠠᠭ ᠲᠤᠬᠠᠢ ᠳᠤᠨᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠂ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠬᠠᠷᠠᠯᠲᠠ ᠪᠠᠨ ᠨᠠᠷᠢᠨ ᠨᠢᠮᠪᠠᠢ ᠬᠢᠵᠦ᠂ ᠠᠵᠢᠯ ᠤᠨ ᠡᠭᠦᠷᠭᠡ ᠪᠠᠨ ᠭᠠᠴᠠᠭ᠎ᠠ ᠳᠤ ᠪᠣᠳᠠᠲᠠᠢ ᠪᠠᠷ ᠨᠠᠶᠢᠳᠠᠪᠤᠷᠢᠵᠢᠭᠤᠯᠤᠨ᠂ ᠬᠠᠷᠢᠭᠤᠴᠠᠯᠭ᠎ᠠ ᠪᠠᠨ ᠬᠥᠮᠦᠨ ᠳᠤ ᠬᠦᠷᠲᠡᠯ᠎ᠡ ᠨᠠᠶᠢᠳᠠᠪᠤᠷᠢᠵᠢᠭᠤᠯᠵᠤ᠂ ᠠᠵᠢᠯ ᠢᠶᠠᠨ ᠴᠠᠭ ᠲᠤᠬᠠᠢ ᠳᠤᠨᠢ ᠪᠠᠶᠢᠷᠢᠯᠠᠭᠤᠯᠬᠤ᠂ ᠳᠠᠷᠤᠯᠲᠠ ᠶᠢ ᠴᠠᠭ ᠲᠤᠬᠠᠢ ᠳᠤᠨᠢ ᠳᠠᠮᠵᠢᠭᠤᠯᠬᠤ᠂ ᠬᠠᠷᠢᠭᠤᠴᠠᠯᠭ᠎ᠠ ᠶᠢ ᠴᠠᠭ ᠲᠤᠬᠠᠢ ᠳᠤᠨᠢ ᠪᠣᠳᠠᠲᠠᠶᠢᠵᠢᠭᠤᠯᠬᠤ ᠶᠢ ᠪᠡᠶᠡᠯᠡᠭᠦᠯᠵᠦ᠂ ᠠᠵᠢᠯ ᠢᠶᠠᠨ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠢ᠃    ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠰᠢᠯᠢᠳᠡᠭᠵᠢᠭᠦᠯᠦᠨ᠎ᠡ᠃ ᠲᠣᠭᠲᠠᠮᠠᠯ ᠬᠤᠭᠤᠴᠠᠭ᠎ᠠ ᠲᠠᠢ ᠪᠠᠷ ᠴᠡᠭᠴᠡᠯᠡᠨ ᠵᠠᠰᠠᠵᠤ᠂ ᠦᠷᠭᠦᠯᠵᠢᠯᠡᠨ ᠪᠠᠬᠢᠵᠢᠭᠦᠯᠦᠨ ᠳᠡᠭᠡᠭᠰᠢᠯᠡᠭᠦᠯᠬᠦ ᠵᠠᠷᠴᠢᠮ ᠶᠣᠰᠣᠭᠠᠷ᠂ ︽ᠨᠠᠷᠢᠯᠢᠭ︾ ᠲᠠᠯ᠎ᠠ ᠠᠴᠠ ᠭᠠᠷᠳᠠᠵᠤ᠂ ︽ᠪᠣᠳᠠᠲᠠᠢ︾ ᠵᠦᠭ ᠬᠦᠴᠦᠯᠡᠬᠦ ᠶᠢ ᠪᠠᠷᠢᠮᠲᠠᠯᠠᠵᠤ᠂ ᠪᠠᠯᠭᠠᠰᠤ᠂ ᠭᠠᠴᠠᠭᠠᠨ ᠤ ᠺᠠᠳ᠋ᠷ᠂ ᠨᠠᠮ ᠤᠨ ᠭᠡᠰᠢᠭᠦᠨ᠂ ᠰᠠᠶᠢᠨ ᠳᠤᠷ᠎ᠠ ᠶᠢᠨ ᠦᠢᠯᠡᠴᠢᠯᠡᠭᠴᠢᠳ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠯᠠᠨ ᠲᠦᠮᠡᠨ ᠢ ᠭᠦᠢᠴᠡᠳ ᠳᠠᠶᠢᠴᠢᠯᠠᠵᠤ᠂ ᠵᠠᠮ ᠤᠨ ᠬᠤᠶᠠᠷ ᠬᠠᠵᠠᠭᠤ ᠶᠢᠨ ᠬᠤᠭ ᠨᠣᠪᠰᠢ᠂ ᠲᠠᠷᠠᠬᠠᠢ ᠪᠤᠲᠠᠷᠬᠠᠢ ᠪᠠᠶᠢᠭ᠎ᠠ ᠬᠠᠶᠠᠭᠳᠠᠮᠠᠯ ᠰᠦᠯᠢᠶᠣᠣ ᠪᠦᠷᠬᠦᠪᠴᠢ᠂ ᠮᠣᠳᠣᠨ ᠭᠤᠤ ᠶᠢᠨ ᠳᠣᠲᠣᠷᠠᠬᠢ ᠬᠤᠭ ᠨᠣᠪᠰᠢ ᠪᠤᠵᠠᠷ ᠡᠪᠡᠰᠦ ᠵᠡᠷᠭᠡ ᠶᠢ ᠭᠤᠣᠯᠳᠠᠯᠭ᠎ᠠ ᠲᠠᠢ ᠲᠦᠢᠯᠪᠤᠷᠢᠲᠠᠢ ᠴᠡᠪᠡᠷᠯᠡᠨ᠎ᠡ᠃ ᠨᠢᠭᠡ ᠭᠠᠵᠠᠷ ᠢ ᠴᠡᠭᠴᠡᠯᠡᠨ ᠵᠠᠰᠠᠵᠤ᠂ ᠨᠢᠭᠡ ᠭᠠᠵᠠᠷ ᠢ ᠴᠡᠪᠡᠷ ᠪᠠᠶᠢᠯᠭᠠᠵᠤ᠂ ᠨᠢᠭᠡ ᠭᠠᠵᠠᠷ ᠢ ᠳᠡᠭᠡᠭᠰᠢᠯᠡᠭᠦᠯᠬᠦ ᠶᠢ ᠦᠨᠡᠨ ᠬᠦ ᠪᠠᠲᠤᠯᠠᠵᠤ᠂ ᠭᠡᠷ ᠤᠨ ᠠᠷᠤ ᠥᠪᠥᠷ ᠤᠨ ︽ᠠᠷᠢᠭᠤᠨ ᠴᠡᠪᠡᠷ︾᠂ ᠠᠶᠢᠯ ᠲᠣᠰᠬᠤᠨ ᠤ ᠥᠩᠭᠡ ᠵᠢᠰᠦ ᠶᠢ ︽ᠶᠡᠭᠡ ᠪᠠᠷ ᠳᠡᠭᠡᠭᠰᠢᠯᠡᠭᠦᠯᠬᠦ︾ ᠶᠢ ᠦᠨᠡᠨ ᠬᠦ ᠪᠡᠶᠡᠯᠡᠭᠦᠯᠬᠦ ᠬᠡᠷᠡᠭᠲᠡᠢ᠃    ᠲᠤᠬᠠᠢ ᠶᠢᠨ ᠭᠠᠵᠠᠷ ᠲᠤᠨᠢ ᠪᠠᠶᠢᠳᠠᠯ ᠢ ᠣᠶᠢᠯᠠᠭᠠᠵᠤ ᠬᠢᠨᠠᠨ ᠪᠠᠶᠢᠴᠠᠭᠠᠵᠤ᠂ ᠠᠵᠢᠯ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠪᠠ᠃ ᠪᠠᠯᠭᠠᠰᠤ᠂ ᠭᠠᠴᠠᠭ᠎ᠠ ᠬᠤᠶᠠᠷ ᠱᠠᠲᠤᠨ ᠤ ᠬᠢᠨ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ︽ᠨᠢᠭᠡ ᠲᠠᠯ᠎ᠠ ᠪᠠᠷ ᠵᠢᠭᠰᠠᠭᠠᠨ ᠪᠠᠶᠢᠴᠠᠭᠠᠬᠤ᠂ ᠨᠢᠭᠡ ᠲᠠᠯ᠎ᠠ ᠪᠠᠷ ᠴᠡᠭᠴᠡᠯᠡᠨ ᠵᠠᠰᠠᠬᠤ᠂ ᠨᠢᠭᠡ ᠲᠠᠯ᠎ᠠ ᠪᠠᠷ ᠪᠠᠬᠢᠵᠢᠭᠦᠯᠬᠦ︾ ᠪᠢᠲᠡᠭᠦᠮᠵᠢᠯᠡᠭᠰᠡᠨ ᠠᠵᠢᠯ ᠤᠨ ᠲᠣᠭᠲᠠᠴᠠ ᠶᠢ ᠪᠠᠷᠢᠮᠲᠠᠯᠠᠨ᠂ ᠪᠦᠬᠦ ᠬᠦᠷᠢᠶ᠎ᠡ ᠴᠠᠷᠠᠭ᠎ᠠ᠂ ᠪᠥᠬᠦ ᠭᠤᠭᠴᠤᠭ᠎ᠠ᠂ ᠪᠦᠬᠦᠯᠢ ᠡᠳᠦᠷ ᠢᠶᠠᠷ ᠵᠢᠭᠰᠠᠭᠠᠨ ᠪᠠᠶᠢᠴᠠᠭᠠᠵᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠪᠠ ᠠᠮᠢ ᠠᠬᠤᠢ ᠣᠷᠴᠢᠨ ᠲᠣᠭᠤᠷᠢᠨ ᠤ ᠬᠦᠷᠢᠶ᠎ᠡ ᠴᠠᠷᠠᠭ᠎ᠠ ᠳᠤ ᠬᠠᠤᠯᠢ ᠠᠴᠠ ᠵᠥᠷᠢᠴᠡᠭᠰᠡᠨ ᠠᠰᠠᠭᠤᠳᠠᠯ ᠣᠷᠣᠰᠢᠵᠤ ᠪᠠᠶᠢᠭ᠎ᠠ ᠵᠢᠷᠤᠭ ᠲᠣᠯᠪᠤ ᠪᠠᠷ ᠡᠬᠡ ᠳᠠᠩᠰᠠ ᠶᠢ ᠪᠠᠶᠢᠭᠤᠯᠵᠤ᠂ ᠬᠠᠮᠢᠶ᠎ᠠ ᠪᠦᠬᠦᠢ ᠮᠡᠳᠡᠭᠡ ᠵᠠᠩᠭᠢ ᠶᠢ ᠴᠠᠭ ᠲᠤᠬᠠᠢ ᠳᠤᠨᠢ ᠡᠮᠬᠢᠯᠡᠨ ᠲᠡᠭᠦᠯᠳᠡᠷᠵᠢᠭᠦᠯᠵᠦ᠂ ᠴᠡᠭᠴᠡᠯᠡᠨ ᠵᠠᠰᠠᠬᠤ ᠠᠵᠢᠯᠯᠠᠭ᠎ᠠ ᠶᠢ ᠡᠮᠬᠢ ᠵᠢᠷᠤᠮ ᠲᠠᠢ ᠠᠬᠢᠭᠤᠯᠵᠤ᠂ ᠲᠤᠰ ᠤᠳᠠᠭᠠᠨ ᠤ ᠴᠡᠭᠴᠡᠯᠡᠨ ᠵᠠᠰᠠᠬᠤ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠪᠠ᠃    ᠪᠡᠯᠴᠢᠭᠡᠷᠯᠡᠭᠦᠯᠬᠦ ᠶᠢ ᠴᠠᠭᠠᠵᠠᠯᠠᠬᠤ ᠲᠣᠭᠤᠷᠢᠨ ᠪᠠᠶᠢᠴᠠᠭᠠᠯᠲᠠ ᠰᠠᠶᠢᠨ ᠦᠷ᠎ᠡ ᠪᠦᠲᠦᠮᠵᠢ ᠶᠢ  ᠪᠡᠶᠡᠯᠡᠬᠦᠯᠦᠨ᠎ᠡ᠃ ᠭᠤᠣᠯ ᠤᠨ ᠪᠠᠶᠢᠰᠢᠩ ᠪᠠᠯᠭᠠᠰᠤᠨ ᠤ ᠨᠠᠮ ᠤᠨ ᠬᠤᠷᠢᠶ᠎ᠠ᠂ ᠪᠠᠯᠭᠠᠰᠤᠨ ᠤ ᠵᠠᠰᠠᠭ ᠤᠨ ᠣᠷᠳᠣᠨ ᠥᠨᠳᠥᠷ ᠵᠣᠭᠰᠣᠴᠠ ᠂ ᠥᠨᠳᠥᠷ ᠪᠠᠷᠢᠮᠵᠢᠶ᠎ᠠ ᠪᠠᠷ ᠠᠬᠢᠭᠤᠯᠬᠤ ᠶᠢ ᠪᠠᠷᠢᠮᠲᠠᠯᠠᠵᠤ᠂ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠤᠨ ᠤᠳᠤᠷᠢᠳᠬᠤ ᠳᠤᠭᠤᠶᠢᠯᠠᠩ᠂ ᠪᠡᠯᠴᠢᠭᠡᠷᠯᠡᠭᠦᠯᠬᠦ ᠶᠢ ᠴᠠᠭᠠᠵᠠᠯᠠᠬᠤ ᠴᠠᠭᠳᠠᠨ ᠲᠣᠭᠤᠷᠢᠬᠤ ᠬᠠᠤᠯᠢ ᠬᠡᠷᠡᠭᠵᠢᠭᠦᠯᠬᠦ ᠠᠩᠭᠢ ᠶᠢ ᠵᠣᠬᠢᠶᠠᠨ ᠪᠠᠶᠢᠭᠤᠯᠵᠤ᠂ ᠪᠦᠬᠦᠯᠢ ᠡᠳᠦᠷ ᠤᠨ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠦᠭᠡᠢ᠂ ᠲᠠᠰᠤᠯᠳᠠᠭᠤᠯᠬᠤ ᠦᠭᠡᠢ ᠲᠣᠭᠤᠷᠢᠨ ᠪᠠᠶᠢᠴᠠᠭᠠᠯᠲᠠ ᠪᠠᠷ ᠳᠠᠮᠵᠢᠨ᠂ ᠭᠤᠣᠯᠳᠠᠯᠭ᠎ᠠ ᠲᠠᠢ ᠴᠠᠭ ᠬᠦᠷᠦᠯᠴᠡᠬᠦ ᠦᠭᠡᠢ᠂ ᠭᠤᠣᠯᠳᠠᠯᠭ᠎ᠠ ᠲᠠᠢ ᠣᠷᠣᠨ ᠪᠦᠰᠡ ᠳᠤ ᠬᠠᠮᠢᠶᠠᠷᠬᠤ ᠬᠥᠮᠦᠨ ᠲᠠᠢ ᠪᠠᠶᠢᠬᠤ ᠶᠢ ᠪᠠᠲᠤᠯᠠᠵᠤ᠂ ᠲᠣᠭᠲᠠᠭᠠᠯ ᠠᠴᠠ ᠵᠥᠷᠢᠴᠡᠨ ᠬᠤᠯᠠᠭᠠᠶᠢᠯᠠᠨ ᠮᠠᠯᠵᠢᠬᠤ᠂ ᠮᠠᠯᠵᠢᠬᠤ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠪᠡ᠃ ᠣᠯᠠᠨ ᠲᠦᠮᠡᠨ ᠢ ᠳᠠᠶᠢᠴᠢᠯᠠᠨ ᠬᠢᠨᠠᠯᠲᠠ ᠬᠠᠮᠢᠶᠠᠷᠤᠯᠲᠠ ᠳᠤ ᠣᠷᠣᠯᠴᠠᠭᠤᠯᠵᠤ᠂ ᠢᠯᠡᠴᠢᠯᠡᠨ ᠮᠡᠳᠡᠭᠦᠯᠬᠦ ᠳ᠋ᠢᠶᠠᠩᠬᠤᠸᠠ ᠶᠢ ᠰᠠᠨᠠᠭᠠᠴᠢᠯᠠᠭ᠎ᠠ ᠠᠴᠠ ᠪᠠᠨ ᠨᠡᠶᠢᠲᠡᠯᠡᠵᠦ᠂ ᠬᠠᠤᠯᠢ ᠬᠡᠷᠡᠭᠵᠢᠭᠦᠯᠦᠯᠲᠡ ᠳᠤ ᠬᠢᠨᠠᠯᠲᠠ ᠲᠠᠯᠪᠢᠬᠤ ᠪᠠ ᠣᠯᠠᠨ ᠲᠦᠮᠡᠨ ᠤ ᠬᠢᠨᠠᠯᠲᠠ ᠲᠠᠯᠪᠢᠬᠤ ᠨᠡᠶᠢᠯᠡᠮᠡᠯ ᠬᠦᠴᠦᠨ ᠢ ᠪᠣᠢ ᠪᠣᠯᠭᠠᠵᠤ᠂ ᠥᠨᠳᠥᠷ ᠳᠠᠷᠤᠯᠲᠠᠲᠤ ᠪᠠᠶᠢᠳᠠᠯ᠂ ᠬᠦᠴᠦᠲᠡᠢ ᠠᠷᠭ᠎ᠠ ᠬᠡᠮᠵᠢᠶ᠎ᠡ ᠪᠠᠷ ᠪᠡᠯᠴᠢᠭᠡᠷᠯᠡᠭᠦᠯᠬᠦ ᠶᠢ ᠴᠠᠭᠠᠵᠠᠯᠠᠬᠤ ᠠᠵᠢᠯ ᠢ ᠦᠨᠡᠨᠬᠦ ᠪᠠᠲᠤᠯᠠᠵᠤ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃    ᠳᠠᠷᠠᠭᠠᠴᠢ ᠶᠢᠨ ᠠᠯᠬᠤᠮ ᠳᠤ᠂ ᠭᠤᠣᠯ ᠤᠨ ᠪᠠᠶᠢᠰᠢᠩ ᠪᠠᠯᠭᠠᠰᠤ ᠠᠮᠢ ᠠᠬᠤᠢ ᠶᠢᠨ ᠣᠷᠴᠢᠨ ᠲᠣᠭᠤᠷᠢᠨ ᠤ ᠬᠦᠷᠢᠶ᠎ᠡ ᠶᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠤᠷᠲᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠳᠦᠷ ᠲᠤᠲᠤᠮ ᠤᠨ ᠲᠣᠭᠤᠷᠢᠨ ᠪᠠᠶᠢᠴᠠᠭᠠᠵᠤ ᠲᠣᠭᠤᠷᠢᠨ ᠡᠵᠡᠮᠳᠡᠬᠦ ᠠᠵᠢᠯ ᠢ ᠴᠢᠩᠭᠠᠳᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠪᠦᠬᠦ ᠲᠠᠯ᠎ᠠ ᠪᠠᠷ ᠪᠠᠭᠠᠰᠬᠠᠵᠤ᠂ ᠠᠮᠢ ᠠᠬᠤᠢ ᠶᠢᠨ ᠣᠷᠴᠢᠨ ᠲᠣᠭᠤᠷᠢᠨ ᠤ ᠠᠶᠤᠯ ᠲᠦᠭᠰᠢᠭᠦᠷᠢ ᠶᠢᠨ ᠭᠡᠮ ᠰᠣᠭᠤᠭ ᠢ ᠠᠷᠢᠯᠭᠠᠵᠤ᠂ ᠬᠠᠷᠢᠶ᠎ᠠ ᠣᠷᠣᠨ ᠤ ᠠᠮᠢ ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠦᠨ᠎ᠡ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号