ᠰᠢᠨᠡᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/8/19
   8 ᠰᠠᠷ᠎ᠠ ᠶᠢᠨ 16 ᠤ ᠡᠳᠦᠷ᠂ ᠰᠢᠨᠠᠵᠠᠮ ᠰᠤᠮᠤ ᠣᠳᠣᠬᠠᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠦᠢ ᠲᠢᠶᠠᠨ ᠡᠷᠬᠢᠯᠡᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ᠂ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠤᠷᠠᠯ ᠳᠤ ᠣᠷᠣᠯᠴᠠᠪᠠ᠃    ᠬᠤᠷᠠᠯ ᠠᠴᠠ ᠡᠯ᠎ᠡ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠶᠢᠨ ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠲᠥᠪᠯᠡᠷᠡᠭᠦᠯᠦᠨ ᠴᠡᠭᠴᠡᠯᠡᠨ ᠵᠠᠰᠠᠬᠤ᠂ ︽ᠭᠤᠷᠪᠠᠨ ᠪᠡᠯᠡ︾ ᠶᠢᠨ ᠬᠠᠮᠢᠶᠠᠷᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠡᠯᠴᠢᠭᠡᠷᠯᠡᠭᠦᠯᠬᠦ ᠶᠢ ᠴᠠᠭᠠᠵᠠᠯᠠᠬᠤ᠂ ᠠᠮᠤᠷ ᠠᠮᠤᠭᠤᠯᠠᠩ ᠤᠨ ᠪᠠᠶᠢᠭᠤᠯᠤᠯᠲᠠ ᠵᠡᠷᠭᠡ ᠣᠳᠣᠬᠠᠨ ᠤ ᠭᠤᠣᠯᠳᠠᠯᠭ᠎ᠠ ᠲᠠᠢ ᠠᠵᠢᠯ ᠤᠨ ᠡᠭᠦᠷᠭᠡ ᠶᠢ ᠳᠠᠬᠢᠨ ᠲᠣᠬᠢᠷᠠᠭᠤᠯᠵᠤ᠂ ᠳᠠᠬᠢᠨ ᠪᠠᠶᠢᠷᠢᠯᠠᠭᠤᠯᠪᠠ᠃    ᠬᠤᠷᠠᠯ ᠠᠴᠠ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠣᠳᠣᠬᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠲᠠᠢ ᠨᠢᠭᠲᠠ ᠤᠶᠠᠯᠳᠤᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠢᠶ᠎ᠡ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ︽ᠭᠤᠷᠪᠠᠨ ᠪᠡᠯᠡ︾ ᠶᠢᠨ ᠬᠠᠮᠢᠶᠠᠷᠤᠯᠲᠠ᠂ ᠠᠵᠤ ᠦᠢᠯᠡᠰ ᠤᠨ ᠬᠥᠭᠵᠢᠯᠲᠡ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠵᠡᠷᠭᠡ ᠠᠰᠠᠭᠤᠳᠠᠯ ᠢ ᠴᠢᠩᠭ᠎ᠠ ᠠᠩᠬᠠᠷᠴᠤ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠴᠡᠭᠴᠡᠯᠡᠨ ᠵᠠᠰᠠᠬᠤ ᠭᠤᠣᠯᠳᠠᠯᠭ᠎ᠠ ᠶᠢᠨ ᠲᠣᠭᠤᠷᠢᠨ ᠳᠤ᠂ ᠠᠵᠢᠯ ᠤᠨ ᠵᠢᠯᠣᠭᠤᠳᠣᠯᠭ᠎ᠠ ᠪᠠᠨ ᠴᠢᠩᠭᠠᠳᠬᠠᠵᠤ᠂ ᠳᠠᠩᠰᠠ ᠡᠪᠬᠡᠮᠡᠯ ᠢ ᠲᠡᠭᠦᠯᠳᠡᠷᠵᠢᠭᠦᠯᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
 
ᠢᠷᠡᠯᠲᠡ᠄ ᠬᠤᠷᠴᠢᠨ ᠪᠠᠷᠠᠭᠤᠨ ᠭᠠᠷᠤᠨ ᠳᠤᠮᠳᠠᠳᠤ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号